2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠯᠰᠡᠬᠦ ᠲᠤᠬᠠᠢ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2023/12/7
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠷᠠᠳ ᠤᠨ ᠲᠦᠯᠦᠭᠡᠨ ᠤ ᠪᠤᠳᠠᠳᠠᠢ ᠶᠠᠪᠤᠳᠠᠯ ᠰᠠᠶᠢᠨ ᠶᠠᠪᠤᠳᠠᠯ ᠢ ᠦᠷᠬᠦᠯᠵᠢᠯᠡᠨ ᠰᠠᠶᠢᠨ ᠬᠢᠵᠦ᠂ ᠠᠷᠠᠳ ᠤᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ    ᠨᠡᠮᠡᠭᠳᠡᠬᠦᠯᠬᠦ ᠶᠢᠨ ᠲᠦᠯᠦᠭᠡ᠂ ︽ ︿ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠠᠷᠠᠳ ᠤᠨ ᠲᠥᠯᠥᠭᠡᠯᠡᠭᠴᠢᠳ ᠤᠨ ᠪᠢᠯᠧᠲ ᠪᠠᠷ ᠲᠤᠭᠳᠠᠭᠠᠬᠤ ᠳᠦᠷᠢᠮ ᠢ ᠬᠡᠷᠡᠭᠵᠢᠭᠦᠯᠬᠦ ᠲᠦᠰᠦᠪ﹀᠎ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠎ ᠤᠨ ᠱᠠᠭᠠᠷᠳᠠᠯᠭ᠎ᠠ ᠶᠣᠰᠣᠭᠠᠷ᠂ ᠡᠳᠦᠭᠡ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠨᠡᠶᠢᠭᠡᠮ ᠨᠡᠶᠢᠳᠡ ᠠᠴᠠ ᠢᠯᠡ ᠪᠠᠷ ᠴᠤᠭᠯᠠᠭᠤᠯᠬᠤ ᠪᠠᠷ ᠪᠠᠶᠢᠨ᠎ᠠ  ᠃     ᠡᠯᠰᠡᠬᠦ ᠴᠠᠭ ᠨᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠭᠡᠳ 12 ᠰᠠᠷ᠎ᠠ ᠶᠢᠨ 29᠎ ᠤ ᠡᠳᠦᠷ ᠪᠣᠯᠲᠠᠯ᠎ᠠ᠃ ᠪᠠᠴᠢᠮ ᠬᠡᠷᠡᠭᠴᠡᠭᠡ ᠪᠦᠬᠦᠢ ᠶᠢ ᠤᠷᠢᠳᠠᠪᠠᠷ ᠲᠣᠭᠲᠠᠭᠠᠵᠤ᠂ ᠪᠣᠯᠪᠠᠰᠤᠷᠠᠩᠭᠤᠢ ᠪᠣᠯᠤᠭᠰᠠᠨ ᠢ ᠤᠷᠢᠳᠠᠪᠠᠷ  ᠲᠤᠭᠳᠠᠭᠠᠬᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠰᠣᠩᠭᠤᠬᠤ ᠰᠡᠳᠬᠢᠮᠵᠢ ᠶᠢ ᠦᠨᠳᠦᠰᠦᠯᠡᠨ᠂ ᠣᠯᠠᠨ ᠲᠦᠮᠡᠨ ᠤ  ᠰᠠᠨᠠᠯ ᠲᠤᠰᠬᠠᠯ ᠴᠢᠩᠭ᠎ᠠ᠂  ᠱᠠᠭᠠᠷᠳᠠᠯᠭ᠎ᠠ ᠭᠡᠷᠡᠭᠴᠡᠭᠡ ᠪᠠᠴᠢᠮ ᠪᠠᠶᠢᠭ᠎ᠠ ᠵᠢᠴᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠵᠦᠢᠯᠡᠰ ᠢ ᠭᠤᠣᠯᠳᠠᠯᠭ᠎ᠠ ᠲᠠᠢ ᠰᠤᠩᠭᠤᠨ᠂ ᠲᠤᠬᠠᠢ ᠶᠢᠨ ᠵᠢᠯ ᠳᠤ ᠬᠡᠷᠡᠭᠵᠢᠭᠦᠯᠵᠦ᠂ ᠲᠤᠬᠠᠢ ᠶᠢᠨ ᠵᠢᠯ ᠳᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃    ᠢᠯᠡ ᠪᠠᠷ ᠡᠯᠰᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠭᠤᠣᠯᠳᠠᠭᠤ ᠠᠵᠢᠯ ᠤᠯᠭᠤᠬᠤ ᠪᠣᠯᠪᠠᠰᠤᠷᠠᠯ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠴᠡᠭᠴᠡᠯᠡᠯᠳᠡ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ  ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂  ᠬᠤᠳᠠ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂  ᠤᠰᠤ ᠤᠮᠳᠠ ᠂ ᠴᠠᠬᠢᠯᠭᠠᠨ ᠬᠦᠴᠦᠨ᠂ ᠮᠥᠩᠭᠦᠨ ᠬᠦᠢᠯᠭᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠴᠠᠷᠠᠭ᠎ᠠ ᠪᠠᠭᠲᠠᠨ᠎ᠠ᠃    ᠥᠷᠭᠡᠨ ᠣᠯᠠᠨ ᠠᠷᠠᠳ ᠢᠷᠭᠡᠳ ᠰᠦᠯᠵᠢᠶᠡᠨ ᠤ ᠬᠠᠶ᠋ᠢᠭ ᠪᠤᠶᠤ ᠬᠤᠶᠠᠷ ᠬᠡᠮᠵᠢᠯᠲᠦ ᠺᠣᠳ᠋ ᠢ ᠰᠢᠷᠪᠢᠬᠦ ᠪᠠᠷ ᠲᠠᠮᠵᠢᠨ᠂ ᠲᠥᠷᠥᠯ ᠵᠦᠢᠯ ᠡᠯᠰᠡᠬᠦ ᠬᠦᠰᠦᠨᠦᠭᠲᠦ ᠶᠢ ᠲᠠᠭᠯᠠᠵᠤ ᠪᠣᠯᠣᠨ᠎ᠠ᠃ ᠪᠥᠬᠦ ᠬᠤᠰᠢᠭᠤᠨ ᠤ ᠠᠷᠠᠳ ᠢᠷᠭᠡᠳ ᠎ ᠤᠨ ᠢᠳᠡᠪᠬᠢᠲᠡᠢ ᠣᠷᠣᠯᠴᠠᠵᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠤᠬᠠᠭᠠᠨ ᠢᠶᠠᠨ ᠭᠠᠷᠭᠠᠬᠤ ᠶᠢ ᠬᠦᠰᠡᠵᠦ ᠪᠠᠶᠢᠨ᠎ᠠ᠃                                                  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2023 ᠤᠨ ᠤ 12 ᠰᠠᠷ᠎ᠠ ᠶᠢᠨ 7᠎ ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号