ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ | ᠦᠢᠯᠡᠰ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠲᠦᠷᠢᠮ | | ︵ 2023 ᠣᠨ ᠤ 11 ᠰᠠᠷ᠎ᠠ ᠶᠢᠨ 30 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠯᠤᠳᠤᠭᠠᠷ ᠬᠤᠷᠠᠯ ᠢᠶᠠᠷ ᠪᠠᠳᠤᠯᠠᠪᠠ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠤᠯᠤᠰ ᠤᠨ ᠴᠢᠬᠤᠯᠠ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠮᠢᠬᠠᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠣᠰ | ᠳᠦᠷᠢᠮ ᠢ ᠭᠡᠷᠡᠭᠯᠡᠨ᠎ᠡ᠃ ᠲᠣᠰ ᠳᠦᠷᠢᠮ ᠳᠤ ᠬᠡᠯᠡᠵᠦ ᠪᠠᠶᠢᠭ᠎ᠠ ᠮᠢᠬᠠᠨ ᠤ ᠦᠢᠯᠡᠰ ᠭᠡᠳᠡᠭ ᠨᠢ ᠮᠠᠯ ᠵᠢᠭᠦᠷᠲᠡᠨ ᠤ | ᠰᠤᠳᠤᠯᠭ᠎ᠠ ᠨᠡᠭᠡᠭᠡᠯᠳᠡ᠂ ᠦᠢᠯᠡᠳᠪᠦᠷᠢᠯᠡᠯ ᠡᠳ᠋ᠰᠢᠬᠦᠯᠦᠯᠳᠡ ᠪᠠ ᠬᠠᠳᠠᠭᠠᠯᠠᠵᠤ ᠲᠡᠭᠡᠭᠡᠪᠦᠷᠢᠯᠡᠬᠦ᠂ ᠵᠠᠷᠤᠴᠠᠭᠤᠯᠵᠤ | ᠪᠣᠷᠣᠯᠠᠭᠤᠯᠬᠤ᠂ ᠨᠠᠷᠠᠲᠤ ᠲᠡᠮᠳᠡᠭ ᠤᠨ ᠡᠬᠦᠳᠦᠯᠳᠡ ᠵᠢᠴᠢ ᠭᠡᠷᠡᠭᠯᠡᠭᠡ᠂ ᠦᠢᠯᠡᠴᠢᠯᠡᠭᠡ ᠵᠡᠷᠭᠡ ᠡᠯ᠎ᠡ ᠭᠤᠭᠴᠤᠭ᠎ᠠ | ᠨᠢ ᠨᠢᠭᠲᠠ ᠬᠤᠯᠪᠤᠭᠳᠠᠭᠰᠠᠨ᠂ ᠪᠦᠲᠦᠮᠵᠢᠲᠡᠶ ᠵᠣᠯᠭᠠᠯᠳᠤᠭᠰᠠᠨ᠂ ᠢᠵᠢ ᠪᠦᠷᠢᠳᠦᠭᠰᠡᠨ᠂ ᠬᠠᠮᠵᠢᠯᠴᠠᠨ ᠬᠥᠭᠵᠢᠭᠰᠡᠨ | ᠣᠷᠭᠠᠨᠢᠭ ᠪᠦᠬᠦᠯᠢ ᠴᠣᠭᠴᠠ ᠶᠢ ᠵᠢᠭᠠᠵᠤ ᠪᠣᠶ᠃ | ᠭᠤᠷᠪᠠᠳᠤᠭᠠᠷ ᠵᠤᠷᠪᠤᠰ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠨᠢ | ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠬᠠᠷᠢᠯᠴᠠᠨ ᠤᠶᠠᠯᠳᠤᠵᠤ᠂ ᠵᠠᠬ᠎ᠠ ᠳᠡᠯᠭᠡᠭᠦᠷ ᠢᠶᠠᠷ | ᠭᠤᠣᠯᠯᠠᠭᠤᠯᠬᠤ᠂ ᠵᠠᠰᠠᠭ ᠤᠨ ᠣᠷᠳᠣᠨ ᠠᠴᠠ ᠳᠡᠮᠵᠢᠬᠦ᠂ ᠨᠡᠶᠢᠭᠡᠮ ᠤᠨ ᠬᠢᠨ ᠣᠷᠣᠯᠴᠠᠬᠤ᠂ ᠠᠵᠤ ᠦᠢᠯᠡᠰ ᠢ | ᠠᠭᠤᠰᠤᠯᠴᠠᠭᠤᠯᠬᠤ ᠪᠠ ᠰᠢᠨᠵᠢᠯᠡᠭᠡ ᠮᠡᠷᠭᠡᠵᠢᠯ ᠢᠶᠠᠷ ᠲᠤᠯᠭᠠᠭᠤᠷᠢᠯᠠᠭᠤᠯᠬᠤ ᠵᠠᠷᠴᠢᠮ ᠢ ᠪᠠᠷᠢᠮᠳᠠᠯᠠᠨ᠎ᠠ᠃ | ᠳᠥᠷᠪᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠢ ᠬᠠᠷᠢᠭᠤᠴᠠᠵᠤ᠂ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠢ ᠲᠣᠰ | ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ | ᠤᠷᠤᠭᠤᠯᠤᠨ᠂ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ | ᠣᠷᠣᠨ ᠤ ᠪᠠᠨ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠪᠠ ᠤᠬᠠᠭᠤᠯᠭ᠎ᠠ ᠦᠢᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ | ᠰᠠᠶᠢᠨ ᠬᠢᠨ᠎ᠡ᠃ | ᠲᠠᠪᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠢᠬᠠᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠵᠤ ᠭᠡᠷᠡᠭᠵᠢᠬᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠭᠡ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠬᠤᠳᠠᠯᠳᠤᠭᠠᠨ ᠤ ᠶᠠᠪᠤᠳᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠣᠶ ᠰᠢᠭᠤᠢ | ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠮᠢᠬᠠᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠰᠠᠶᠢᠨ ᠬᠢᠬᠦ ᠬᠡᠷᠡᠭᠲᠡᠢ᠃ | ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠢᠶᠠᠨ ᠠᠭᠤᠷ ᠠᠮᠢᠰᠬᠤᠯ ᠪᠠ ᠬᠥᠷᠥᠰᠥ | ᠰᠢᠷᠣᠢ ᠶᠢᠨ ᠡᠬᠢ ᠪᠠᠶᠠᠯᠢᠭ ᠵᠡᠷᠭᠡ ᠶᠢ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠳᠠᠷᠢᠵᠤ ᠮᠠᠯᠵᠢᠬᠤ ᠡᠳ᠋ᠰᠢᠬᠦᠯᠵᠦ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶᠡᠵᠢᠭᠰᠡᠨ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠪᠤᠢ ᠪᠤᠯᠭᠠᠨ᠂ ᠲᠥᠷᠥ ᠶᠢᠨ ᠪᠣᠳᠣᠯᠭ᠎ᠠ ᠶᠢᠨ ᠲᠡᠮᠵᠢᠯᠭᠡ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠴᠢᠳᠠᠪᠤᠷᠢᠲᠠᠨ ᠤ ᠪᠤᠯᠪᠠᠰᠤᠷᠠᠯ᠂ ᠵᠢᠯᠤᠭᠤᠳᠤᠯᠭ᠎ᠠ ᠦᠢᠯᠡᠴᠢᠯᠡᠭᠡ ᠶᠢ ᠲᠡᠭᠦᠯᠳᠡᠷᠵᠢᠭᠦᠯᠬᠦ ᠵᠡᠷᠭᠡ | ᠠᠷᠭ᠎ᠠ ᠬᠡᠮᠵᠢᠶ᠎ᠡ ᠪᠠᠷ ᠮᠢᠬᠠᠨ ᠤ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠲᠠᠷᠢᠵᠤ ᠮᠠᠯᠵᠢᠬᠤ ᠡᠳ᠋ᠰᠢᠬᠦᠯᠵᠦ ᠪᠣᠷᠣᠯᠠᠭᠤᠯᠬᠤ ᠦᠢᠯᠡᠰ ᠤᠨ ᠵᠡᠷᠭᠡᠪᠡᠷ ᠬᠥᠭᠵᠢᠬᠦ ᠶᠢ | ᠠᠬᠢᠭᠤᠯᠤᠨ᠎ᠠ᠃ | ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠤᠮᠳᠠ ᠵᠢᠵᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠡᠷᠦᠬᠡ ᠶᠢ | ᠵᠢᠯᠣᠭᠤᠳᠤᠨ ᠲᠡᠳᠬᠦᠬᠦ ᠪᠠᠨ ᠴᠢᠩᠭᠠᠳᠬᠠᠵᠤ᠂ ᠠᠵᠤ ᠦᠶᠢᠯᠡᠰᠵᠢᠭᠰᠡᠨ ᠲᠠᠭᠠᠭᠤᠯᠤᠭᠴᠢ ᠠᠵᠤ ᠠᠬᠤᠶᠢᠯᠠᠯ ᠪᠠ | ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠵᠣᠷᠢᠭᠵᠢᠭᠤᠯᠵᠤ | ᠪᠠᠶᠢᠭᠠᠳ ᠳᠤᠮᠳᠠ ᠵᠢᠵᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠡᠷᠦᠬᠡ ᠯᠦᠭᠡ ᠠᠰᠢᠭ ᠲᠤᠰᠠ ᠶᠢᠨ ᠬᠤᠯᠪᠤᠭᠳᠠᠯ | ᠤᠨ ᠲᠤᠭᠳᠠᠯᠴᠠᠭ᠎ᠠ ᠶᠢ ᠪᠠᠶᠢᠭᠤᠯᠵᠤ᠂ ᠳᠤᠮᠳᠠ ᠵᠢᠵᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠡᠷᠦᠬᠡ ᠶᠢᠨ | ᠲᠤᠰᠬᠠᠶᠢᠵᠢᠭᠰᠠᠨ ᠦᠢᠯᠡᠳᠪᠦᠷᠢᠯᠡᠯ ᠢ ᠳᠠᠶᠢᠴᠢᠯᠠᠨ᠂ ᠮᠢᠬᠠᠨ ᠤ ᠦᠢᠯᠡᠰ ᠤᠨ ᠭᠡᠪᠴᠢᠶᠡᠵᠢᠵᠦ᠂ ᠪᠠᠷᠢᠮᠵᠢᠶᠠᠵᠢᠵᠤ᠂ | ᠠᠵᠤ ᠦᠢᠯᠡᠰᠵᠢᠵᠦ᠂ ᠲᠥᠷᠥᠯ ᠲᠡᠮᠳᠡᠭᠵᠢᠬᠦ ᠶᠢ ᠪᠡᠶᠡᠯᠡᠬᠦᠯᠦᠨ᠎ᠡ᠃ | ᠬᠤᠶᠠᠳᠤᠭᠠᠷ ᠪᠦᠯᠦᠭ ᠮᠠᠯ ᠵᠢᠭᠦᠷᠲᠡᠨ ᠤ ᠦᠷ᠎ᠡ ᠶᠢᠨ ᠦᠢᠯᠡᠰ | ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠮᠠᠯ ᠵᠢᠭᠦᠷᠲᠡᠨ ᠤ ᠦᠷ᠎ᠡ ᠶᠢᠨ ᠡᠬᠢ ᠪᠠᠶᠠᠯᠢᠭ ᠢ ᠳᠡᠩᠰᠡᠯᠡᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ | ᠲᠣᠭᠠᠴᠢᠯᠠᠭᠰᠠᠨ ᠡᠬᠢ ᠪᠠᠶᠠᠯᠢᠭ ᠤᠨ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ | ᠲᠠᠰ ᠤᠨ ᠪᠠ ᠣᠷᠣᠨ ᠤ ᠲᠠᠰ ᠤᠨ ᠮᠠᠯ ᠵᠢᠭᠦᠷᠲᠡᠨ ᠤ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠨᠢᠭᠡᠴᠡ ᠨᠢ | ᠣᠲᠣ ᠪᠠᠶᠢᠭ᠎ᠠ ᠦᠷ᠎ᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠲᠣᠭᠠᠴᠢᠯᠠᠭᠰᠠᠨ ᠬᠥᠮᠥᠷᠭᠡ ᠳᠤ ᠣᠷᠣᠭᠤᠯᠬᠤ | ᠬᠡᠷᠡᠭᠲᠡᠢ᠃ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠵᠡᠷᠭᠡ ᠶᠢ ᠵᠤᠷᠢᠬᠵᠢᠭᠤᠯᠵᠤ | ᠂ ᠣᠲᠣ ᠪᠠᠶᠢᠭ᠎ᠠ ᠦᠷ᠎ᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠲᠣᠭᠠᠴᠢᠯᠠᠭᠰᠠᠨ ᠬᠥᠮᠥᠷᠭᠡ ᠳᠤ | ᠤᠷᠤᠭᠤᠯᠤᠨ᠂ ᠡᠬᠢ ᠪᠠᠶᠠᠯᠢᠭ ᠤᠨ ᠬᠥᠮᠥᠷᠭᠡ ᠶᠢ ᠬᠠᠮᠲᠤᠪᠠᠷ ᠡᠳ᠋ᠯᠡᠵᠦ ᠬᠠᠮᠲᠤᠪᠠᠷ ᠪᠠᠶᠢᠭᠤᠯᠤᠨ᠎ᠠ ᠃ | ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠷ᠎ᠡ | ᠶᠢᠨ ᠡᠬᠢ ᠪᠠᠶᠠᠯᠢᠭ ᠤᠨ ᠬᠠᠮᠲᠤᠪᠠᠷ ᠡᠳ᠋ᠯᠡᠵᠦ ᠠᠰᠢᠭᠯᠠᠬᠤ ᠲᠣᠭᠲᠠᠴᠠ ᠶᠢ ᠪᠠᠶᠢᠭᠤᠯᠵᠤ᠂ ᠦᠷ᠎ᠡ ᠶᠢᠨ ᠡᠬᠢ | ᠪᠠᠶᠠᠯᠢᠭ ᠢ ᠢᠯᠡ ᠪᠠᠷ ᠠᠷᠠᠯᠵᠢᠶᠠᠯᠠᠬᠤ ᠶᠢ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠡᠭᠦᠯᠳᠡᠷ ᠪᠣᠶᠢᠵᠢᠭᠤᠯᠬᠤ ᠬᠠᠮᠳᠤᠷᠠᠭᠰᠠᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠂ ᠠᠵᠢᠯ ᠲᠥᠷᠥᠯ | ᠤᠨ ᠨᠡᠶᠢᠭᠡᠮᠯᠢᠭ ᠵᠡᠷᠭᠡ ᠶᠢ ᠵᠤᠷᠢᠬᠵᠢᠭᠤᠯᠤᠨ᠂ ᠮᠠᠯ ᠵᠢᠭᠦᠷᠲᠡᠨ ᠤ ᠡᠭᠦᠯᠳᠡᠷ ᠢ ᠪᠣᠶᠢᠵᠢᠭᠤᠯᠬᠤ ᠪᠠ ᠨᠡᠭᠡᠭᠡᠨ | ᠬᠦᠭᠵᠢᠬᠦᠯᠵᠦ᠂ ᠲᠡᠷᠢᠭᠦᠨ ᠤ ᠡᠭᠦᠯᠳᠡᠷ ᠪᠣᠶᠢᠵᠢᠭᠤᠯᠬᠤ ᠮᠡᠷᠭᠡᠵᠢᠯ ᠢ ᠠᠰᠢᠭᠯᠠᠨ᠂ ᠰᠠᠶᠢᠨ ᠡᠭᠦᠯᠳᠡᠷ ᠤᠨ ᠮᠠᠯ | ᠵᠢᠭᠦᠷᠲᠡᠨ ᠢ ᠪᠣᠶᠢᠵᠢᠭᠤᠯᠬᠤ ᠪᠠ ᠰᠣᠩᠭᠤᠨ ᠪᠤᠶᠢᠵᠢᠭᠤᠯᠤᠨ᠎ᠠ᠃ | ᠠᠷᠪᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯ ᠵᠢᠭᠦᠷᠲᠡᠨ ᠤ | ᠦᠷ᠎ᠡ ᠶᠢᠨ ᠡᠬᠢ ᠪᠠᠶᠠᠯᠢᠭ ᠤᠨ ᠠᠮᠢᠳᠤ ᠪᠡᠶ᠎ᠡ ᠶᠢ ᠬᠠᠮᠠᠭᠠᠯᠠᠬᠤ᠂ ᠤᠳᠤᠮᠰᠢᠯ ᠤᠨ ᠮᠠᠲ᠋ᠧᠷᠢᠶᠠᠯ ᠢ ᠴᠤᠭᠯᠠᠭᠤᠯᠤᠨ | ᠦᠢᠯᠡᠳᠬᠦ ᠪᠠ ᠭᠧᠨ ᠢ ᠢᠯᠡᠷᠡᠬᠦᠯᠵᠦ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠦᠷᠨᠢᠬᠦᠯᠦᠨ᠂ ᠤᠯᠤᠰ | ᠤᠨ ᠲᠡᠰ ᠤᠨ ᠪᠠ ᠣᠷᠣᠨ ᠤ ᠲᠡᠰ ᠤᠨ ᠦᠷ᠎ᠡ ᠪᠠᠳᠤᠯᠠᠬᠤ ᠲᠠᠯᠠᠪᠠᠢ᠂ ᠬᠠᠮᠠᠭᠠᠯᠠᠯᠲᠠ ᠶᠢᠨ ᠣᠷᠣᠨ᠂ ᠭᠧᠨ ᠤ | ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠡᠭᠦᠯᠳᠡᠷ ᠤᠨ ᠡᠬᠢ ᠪᠠᠶᠠᠯᠢᠭ ᠤᠨ | ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠳᠤᠯᠠᠨ᠂ ᠡᠮᠬᠢ ᠵᠢᠷᠤᠮ ᠲᠠᠢ ᠪᠠᠷ ᠨᠡᠭᠡᠭᠡᠨ ᠬᠦᠭᠵᠢᠬᠦᠯᠦᠨ᠎ᠡ᠃ | ᠠᠷᠪᠠᠨ ᠨᠢᠬᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠰᠠᠶᠢᠨ ᠡᠬᠦᠯᠳᠡᠷ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠵᠤ᠂ ᠨᠦᠬᠦᠴᠡᠯ ᠳᠤ ᠨᠡᠶᠢᠴᠡᠭᠰᠡᠨ | ᠰᠢᠯᠢᠳᠡᠭ ᠰᠠᠶᠢᠨ ᠮᠠᠯ ᠵᠢᠬᠦᠷᠳᠡᠨ ᠤ ᠡᠬᠦᠯᠳᠡᠷ ᠢ ᠤᠷᠤᠭᠤᠯᠤᠨ ᠪᠤᠶᠢᠵᠢᠭᠤᠯᠬᠤ ᠲᠦᠷᠦᠯ ᠵᠦᠢᠯ ᠳᠤ ᠲᠡᠮᠵᠢᠯᠭᠡ | ᠦᠵᠡᠬᠦᠯᠦᠨ᠎ᠡ᠃ | ᠠᠷᠪᠠᠨ ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠤᠯᠤᠰ ᠤᠨ ᠳᠡᠰ ᠤᠨ ᠪᠠ ᠣᠷᠣᠨ ᠤ ᠳᠡᠰ ᠤᠨ ᠮᠠᠯ ᠵᠢᠭᠦᠷᠲᠡᠨ ᠤ ᠭᠤᠤᠯᠳᠠᠯᠭᠠᠳᠤ ᠡᠭᠦᠯᠳᠡᠷ ᠪᠣᠶᠢᠵᠢᠭᠤᠯᠬᠤ | ᠲᠠᠯᠠᠪᠠᠢ ᠶᠢᠨ ᠪᠠᠶᠢᠭᠤᠯᠤᠯᠲᠠ ᠶᠢ ᠳᠡᠮᠵᠢᠵᠤ᠂ ᠪᠡᠯᠡᠳᠭᠡᠯ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠲᠡᠵᠢᠭᠡᠨ | ᠠᠷᠠᠴᠢᠯᠠᠬᠤ ᠬᠠᠮᠢᠶᠠᠷᠤᠯᠲᠠ ᠶᠢ ᠠᠦ᠋ᠲ᠋ᠣᠴᠢᠯᠠᠬᠤ᠂ ᠰᠢᠯᠭᠠᠨ ᠲᠤᠭᠳᠠᠭᠠᠬᠤ ᠶᠢ ᠣᠶᠤᠨᠴᠢᠯᠠᠬᠤ᠂ ᠬᠢᠵᠢᠭ ᠭᠡᠮ | ᠰᠡᠷᠭᠡᠶᠢᠯᠡᠨ ᠡᠵᠡᠮᠳᠡᠬᠦ ᠶᠢ ᠪᠣᠰᠤᠭ᠎ᠠ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠠᠶᠢᠨ | ᠡᠬᠦᠯᠳᠡᠷ ᠤᠨ ᠰᠦᠷᠦᠭ ᠤᠨ ᠬᠡᠪᠴᠢᠶ᠎ᠡ ᠶᠢ ᠦᠷᠭᠡᠳᠭᠡᠵᠦ᠂ ᠮᠠᠯ ᠵᠢᠭᠦᠷᠲᠡᠨ ᠤ ᠰᠠᠶᠢᠨ ᠡᠭᠦᠯᠳᠡᠷ ᠤᠨ ᠬᠠᠩᠭᠠᠯᠭ᠎ᠠ | ᠶᠢ ᠪᠠᠳᠤᠯᠠᠨ᠎ᠠ᠃ | ᠠᠷᠪᠠᠨ ᠭᠤᠷᠪᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠮᠠᠯ ᠡᠮᠨᠡᠯᠭᠡ ᠶᠢᠨ | ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠨᠢ ᠦᠷ᠎ᠡ ᠶᠢᠨ ᠮᠠᠯ ᠤᠨ ᠶᠠᠰᠤ ᠴᠢᠨᠠᠷ ᠢ ᠰᠢᠯᠭᠠᠨ ᠬᠡᠮᠵᠢᠬᠦ᠂ ᠰᠢᠯᠢᠳᠡᠭ | ᠰᠠᠶᠢᠨ ᠪᠣᠳᠠᠭᠠᠯᠢ ᠪᠡᠶ᠎ᠡ ᠶᠢᠨ ᠳᠠᠩᠰᠠᠯᠠᠬᠤ ᠠᠵᠢᠯ ᠢ ᠬᠢᠵᠦ᠂ ᠰᠢᠯᠢᠳᠡᠭ ᠰᠠᠶᠢᠨ ᠦᠷ᠎ᠡ ᠶᠢᠨ ᠮᠠᠯ ᠢ ᠨᠡᠶᠢᠭᠡᠮ | ᠨᠡᠶᠢᠳᠡ ᠳᠤ ᠲᠠᠨᠢᠯᠴᠠᠭᠤᠯᠬᠤ ᠶᠢᠨ ᠬᠠᠮᠲᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠭᠠᠷ | ᠬᠡᠭᠡᠯᠲᠦᠭᠦᠯᠭᠡ᠂ ᠬᠦᠪᠦᠷᠡᠯ ᠰᠢᠯᠵᠢᠬᠦᠯᠬᠦ ᠵᠡᠷᠭᠡ ᠰᠠᠶᠢᠨ ᠡᠭᠦᠯᠳᠡᠷ ᠪᠣᠶᠢᠵᠢᠭᠤᠯᠬᠤ ᠮᠡᠷᠭᠡᠵᠢᠯ ᠢ ᠲᠡᠯᠬᠡᠷᠡᠬᠦᠯᠦᠨ᠎ᠡ᠃ | ᠠᠷᠪᠠᠨ ᠳᠥᠷᠪᠡᠳᠦᠭᠡᠷ ᠵᠤᠷᠪᠤᠰ ᠮᠠᠯ ᠵᠢᠭᠦᠷᠲᠡᠨ ᠤ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠵᠦ | ᠡᠵᠡᠩᠨᠡᠬᠦ ᠨᠢᠬᠡᠴᠡ ᠨᠢ ᠲᠠᠩᠰᠠ ᠡᠪᠬᠡᠮᠡᠯ ᠪᠠᠶᠢᠭᠤᠯᠵᠤ᠂ ᠪᠦᠲᠦᠭᠡᠭᠳᠡᠬᠦᠨ ᠤ ᠤᠷᠤᠭᠤᠯᠵᠤ ᠭᠠᠷᠭᠠᠭᠰᠠᠨ ᠲᠡᠮᠳᠡᠭᠯᠡᠯ᠂ | ᠬᠡᠭᠡᠯᠲᠦᠭᠦᠯᠭᠡ ᠶᠢᠨ ᠲᠡᠮᠳᠡᠭᠯᠡᠯ ᠵᠡᠷᠭᠡ ᠮᠡᠳᠡᠭᠡ ᠵᠠᠩᠭᠢ ᠲᠠᠩᠰᠠ ᠡᠪᠬᠡᠮᠡᠯ ᠢ ᠤᠷᠳᠤ ᠬᠤᠭᠤᠴᠠᠭ᠎ᠠ ᠪᠠᠷ ᠬᠠᠳᠠᠭᠠᠯᠠᠬᠤ | ᠬᠡᠷᠡᠭᠲᠡᠢ ᠃ | ᠭᠤᠷᠪᠠᠳᠤᠭᠠᠷ ᠪᠦᠯᠦᠭ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠠᠷᠪᠠᠨ ᠲᠠᠪᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠲᠠᠯᠠᠪᠠᠢ ᠶᠢᠨ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠤ | ᠬᠡᠷᠡᠭᠯᠡᠬᠦ ᠭᠠᠵᠠᠷ ᠲᠠᠯᠠᠪᠠᠢ ᠶᠢ ᠲᠠᠷᠢᠶᠠᠯᠠᠩ ᠳᠤ ᠬᠡᠷᠡᠭᠯᠡᠬᠦ ᠭᠠᠵᠠᠷ ᠲᠠᠯᠠᠪᠠᠢ ᠶᠢᠨ ᠶᠣᠰᠣᠭᠠᠷ ᠬᠠᠮᠢᠶᠠᠷᠤᠨ᠎ᠠ᠃ ᠮᠠᠯ | ᠵᠢᠭᠦᠷᠲᠡᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠲᠠᠯᠠᠪᠠᠢ ᠶᠢᠨ ᠬᠡᠷᠡᠭᠯᠡᠬᠦ ᠬᠤᠭᠤᠴᠠᠭ᠎ᠠ ᠨᠢ ᠲᠤᠯᠤᠭᠰᠠᠨ | ᠪᠤᠶᠤ ᠲᠡᠵᠢᠭᠡᠨ ᠦᠷᠡᠵᠢᠭᠦᠯᠬᠦ ᠠᠵᠢᠯᠯᠠᠭ᠎ᠠ ᠬᠢᠬᠦ ᠪᠠᠨ ᠪᠤᠯᠢᠭᠠᠳ ᠤᠤᠯ ᠤᠨ ᠬᠡᠷᠡᠭᠴᠡᠭᠡ ᠶᠢ ᠨᠢ ᠰᠡᠷᠭᠦᠭᠡᠬᠦ | ᠴᠢᠬᠤᠯᠠᠲᠠᠢ ᠪᠠᠶᠢᠪᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠲᠠᠯᠠᠪᠠᠢ ᠶᠢᠨ ᠬᠡᠷᠡᠭᠯᠡᠭᠴᠢ | ᠠᠴᠠ ᠬᠠᠷᠢᠭᠤᠴᠠᠵᠤ ᠰᠡᠷᠭᠦᠭᠡᠨ᠎ᠡ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠲᠠᠯᠠᠪᠠᠢ ᠳᠤ | ᠡᠭᠦᠷᠢᠳᠡ ᠶᠢᠨ ᠴᠢᠨᠠᠷᠲᠠᠢ ᠪᠠᠷᠢᠯᠭ᠎ᠠ ᠶᠢᠨ ᠵᠦᠢᠯ ᠢ ᠪᠠᠶᠢᠭᠤᠯᠬᠤ ᠴᠢᠬᠤᠯᠠᠲᠠᠢ ᠪᠠᠶᠢᠵᠤ᠂ ᠲᠠᠷᠢᠶᠠᠯᠠᠩ ᠳᠤ ᠬᠡᠷᠡᠭᠯᠡᠬᠦ | ᠭᠠᠵᠠᠷ ᠢ ᠬᠤᠪᠢᠷᠠᠭᠤᠯᠤᠨ ᠬᠡᠷᠡᠭᠯᠡᠬᠦ ᠳᠤ ᠬᠤᠯᠪᠣᠭᠳᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠭᠡᠷᠡᠭᠵᠢᠬᠦᠯᠦᠨ᠎ᠡ᠃ | ᠠᠷᠪᠠᠨ ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠴᠢᠨᠠᠷ ᠰᠠᠶᠢᠲᠠᠢ ᠥᠨᠳᠥᠷ ᠤᠨᠠᠯᠲᠠ ᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ ᠲᠡᠵᠢᠭᠡᠯ ᠡᠪᠡᠰᠦᠨ ᠤ ᠬᠠᠩᠭᠠᠯᠭ᠎ᠠ ᠪᠠ ᠲᠡᠵᠢᠭᠡᠨ ᠦᠷᠡᠵᠢᠭᠦᠯᠬᠦ | ᠬᠡᠪᠴᠢᠶ᠎ᠡ᠂ ᠠᠰᠢᠭᠯᠠᠯᠳᠠ ᠶᠢᠨ ᠵᠠᠭᠪᠤᠷ ᠤᠨ ᠲᠣᠬᠢᠷᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠲᠡᠷᠢᠵᠦ ᠮᠠᠯᠵᠢᠬᠤ | ᠰᠠᠶᠢᠨ ᠡᠷᠭᠢᠯᠲᠡ ᠶᠢ ᠠᠬᠢᠭᠤᠯᠤᠨ᠂ ᠲᠡᠵᠢᠭᠡᠯ ᠡᠪᠡᠰᠦᠨ ᠤ ᠪᠠᠳᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ ᠃ | ᠠᠷᠪᠠᠨ ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ | ᠲᠡᠵᠢᠭᠡᠯ ᠡᠪᠡᠰᠦᠨ ᠤ ᠭᠦᠢᠯᠭᠡᠭᠡ᠂ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠡᠵᠢᠭᠡᠯ ᠡᠪᠡᠰᠦᠨ ᠤ ᠠᠵᠤ ᠦᠢᠯᠡᠰ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠵᠤ᠂ ᠲᠡᠵᠢᠭᠡᠯ ᠡᠪᠡᠰᠦᠨ ᠤ ᠦᠢᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ ᠶᠢᠨ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠪᠠᠭᠤᠯᠢᠭ ᠮᠠᠯ | ᠵᠢᠭᠦᠷᠲᠡᠨ ᠤ ᠦᠢᠯᠡᠳᠪᠦᠷᠢᠯᠡᠯ ᠢ ᠬᠥᠭᠵᠢᠭᠦᠯᠦᠨ᠂ ᠮᠠᠯ ᠵᠢᠭᠦᠷᠲᠡᠨ ᠤ ᠠᠰᠢᠭ ᠰᠢᠮ᠎ᠡ ᠶᠢᠨ ᠵᠠᠬ᠎ᠠ ᠳᠡᠯᠭᠡᠭᠦᠷ ᠲᠠᠬᠢ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠤᠰᠤᠨ ᠠᠰᠢᠭᠯᠠᠯᠲᠠ᠂ ᠴᠠᠬᠢᠯᠭᠠᠨ ᠬᠦᠴᠦᠨ᠂ | ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ᠂ ᠮᠠᠯ ᠤᠨ ᠬᠠᠰᠢᠶ᠎ᠠ ᠰᠠᠷᠠᠪᠴᠢ ᠵᠡᠷᠭᠡ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠶᠢ | ᠶᠡᠬᠡᠪᠡᠷ ᠬᠦᠭᠵᠢᠬᠦᠯᠦᠨ᠂ ᠤᠯᠠᠷᠢᠯ ᠤᠨ ᠴᠢᠨᠠᠷᠲᠠᠢ ᠪᠡᠯᠴᠢᠭᠡᠷᠯᠡᠭᠦᠯᠬᠦ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠶᠢ | ᠵᠣᠷᠢᠭᠵᠢᠭᠤᠯᠵᠤ᠂ ᠮᠠᠯ ᠰᠦᠷᠦᠭ ᠢ ᠵᠦᠢ ᠵᠣᠬᠢᠰᠲᠠᠢ ᠲᠣᠬᠢᠷᠠᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠲᠠᠢ | ᠪᠠᠶᠢᠬᠤ ᠶᠢ ᠪᠠᠲᠤᠯᠠᠨ᠎ᠠ᠃ | ᠠᠷᠪᠠ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠭᠠᠮᠰᠢᠭ ᠠᠴᠠ ᠪᠣᠯᠵᠤ ᠬᠤᠬᠢᠷᠠᠭᠰᠠᠨ ᠲᠡᠵᠢᠭᠡᠨ ᠦᠷᠡᠵᠢᠭᠦᠯᠬᠦ | ᠲᠦᠬᠦᠭᠡᠷᠦᠮᠵᠢ ᠶᠢ ᠵᠠᠰᠠᠵᠤ ᠰᠡᠷᠭᠦᠭᠡᠬᠦ ᠪᠠ ᠡᠪᠦᠯᠵᠢᠬᠦ ᠮᠠᠯ ᠤᠨ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠤᠨ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠮᠠᠯᠵᠢᠬᠤ ᠲᠠᠷᠢᠶᠠᠯᠠᠬᠤ ᠣᠷᠣᠨ ᠤ ᠭᠠᠮᠰᠢᠭ ᠢ | ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠᠳᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠢᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠣᠳᠣ ᠦᠶ᠎ᠡ ᠶᠢᠨ ᠲᠦᠬᠦᠭᠡᠷᠦᠮᠵᠢᠳᠦ ᠮᠠᠯ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ | ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠣᠶᠤᠨᠴᠢ ᠮᠠᠯᠵᠢᠯ ᠤᠨ ᠲᠠᠯᠠᠪᠠᠶ ᠶᠢᠨ ᠪᠦᠲᠦᠭᠡᠨ | ᠪᠠᠶᠢᠭᠤᠯᠤᠯᠲᠠ ᠶᠢ ᠲᠡᠳᠬᠦᠨ᠂ ᠣᠶᠤᠨᠴᠢ ᠪᠠᠷ ᠲᠡᠵᠢᠭᠡᠬᠦ᠂ ᠨᠠᠷᠢᠯᠢᠭ ᠣᠨᠣᠴᠠᠲᠠᠢ ᠪᠠᠷ ᠡᠵᠡᠮᠳᠡᠬᠦ᠂ ᠮᠠᠯ ᠤᠨ ᠠᠰᠢᠭ | ᠰᠢᠮ᠎ᠡ ᠶᠢ ᠠᠦ᠋ᠲ᠋ᠣᠴᠢᠯᠠᠨ ᠴᠤᠭᠯᠠᠭᠤᠯᠵᠤ ᠡᠳ᠋ᠰᠢᠭᠦᠯᠬᠦ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠵᠡᠷᠭᠡ ᠪᠣᠬᠢᠷᠲᠤᠯ ᠦᠭᠡᠢ ᠥᠨᠳᠥᠷ ᠪᠦᠲᠦᠮᠵᠢᠲᠡᠶ ᠪᠡᠯᠡᠳᠭᠡᠯ ᠲᠦᠬᠦᠭᠡᠷᠦᠮᠵᠢ ᠪᠠ ᠠᠷᠭ᠎ᠠ ᠮᠡᠷᠭᠡᠵᠢᠯ ᠢ | ᠲᠡᠬᠦᠯᠳᠡᠷᠵᠢᠬᠦᠯᠵᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠦᠬᠦᠭᠡᠷᠵᠢᠭᠰᠡᠨ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠮᠢᠳᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ᠂ ᠦᠨᠳᠦᠰᠦᠨ ᠱᠠᠲᠤᠨ ᠤ | ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠪᠣᠯᠣᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ | ᠬᠤᠣᠷ ᠥᠭᠡᠶᠢᠵᠢᠭᠦᠯᠦᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠮᠲᠤᠷᠠᠨ | ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠴᠢᠩᠭᠠᠷᠠᠭᠤᠯᠤᠨ᠂ ᠬᠢᠵᠢᠭ ᠰᠡᠷᠭᠡᠶᠢᠯᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ | ᠭᠤᠣᠯ ᠴᠣᠭᠴᠠ ᠶᠢ ᠵᠢᠯᠤᠭᠤᠳᠴᠤ ᠪᠠᠶᠢᠭᠠᠳ ᠠᠮᠢᠲᠠᠨ ᠤ ᠡᠪᠡᠳᠴᠢᠨ ᠬᠢᠵᠢᠭ ᠲᠤ ᠠᠯᠪᠠᠳᠠᠯᠭ᠎ᠠ ᠪᠠᠷ ᠲᠠᠷᠢᠯᠭ᠎ᠠ | ᠬᠢᠬᠦ᠂ ᠪᠠᠶᠢᠴᠠᠭᠠᠨ ᠰᠢᠯᠭᠠᠬᠤ᠂ ᠠᠷᠢᠭᠤᠳᠬᠠᠬᠤ᠂ ᠬᠤᠣᠷ ᠦᠬᠡᠶᠢᠳᠡᠬᠦᠯᠦᠨ ᠰᠢᠢᠳᠪᠦᠷᠢᠯᠡᠬᠦ ᠵᠡᠷᠭᠡ ᠰᠡᠷᠭᠡᠶᠢᠯᠡᠨ | ᠡᠵᠡᠮᠳᠡᠬᠦ ᠠᠵᠢᠯ ᠳᠤ ᠣᠷᠣᠯᠴᠠᠭᠤᠯᠵᠤ᠂ ᠲᠡᠳᠡᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠰᠤᠳᠤᠯᠭᠠᠨ ᠬᠢᠬᠦ | ᠪᠠ ᠮᠡᠷᠭᠡᠵᠢᠯ ᠳᠡᠯᠭᠡᠷᠡᠭᠦᠯᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ | ᠳᠥᠷᠪᠡᠳᠦᠭᠡᠷ ᠪᠦᠯᠦᠭ ᠵᠠᠷᠤᠵᠤ ᠨᠢᠲᠤᠯᠬᠤ᠂ ᠡᠳ᠋ᠰᠢᠬᠦᠯᠵᠦ ᠪᠣᠯᠪᠠᠰᠤᠷᠠᠭᠤᠯᠬᠤ ᠪᠠ ᠬᠤᠳᠠᠯᠳᠤᠨ | ᠪᠣᠷᠣᠯᠠᠭᠤᠯᠬᠤ | ᠬᠤᠷᠢᠨ ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠤᠯᠤᠰ ᠤᠨ ᠮᠠᠯ ᠵᠢᠭᠦᠷᠲᠡᠨ ᠨᠢᠲᠤᠯᠬᠤ ᠴᠢᠨᠠᠷ ᠤᠨ ᠰᠢᠯᠭᠠᠯᠳᠠ ᠶᠢᠨ ᠲᠥᠯᠥᠪᠯᠡᠭᠡ ᠶᠢ ᠦᠨᠳᠦᠰᠦᠯᠡᠨ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ᠂ ᠲᠣᠰ ᠭᠠᠵᠠᠷ ᠣᠷᠣᠨ ᠤ ᠪᠠᠨ ᠮᠠᠯ ᠵᠢᠭᠦᠷᠲᠡᠨ ᠢ ᠵᠠᠷᠤᠵᠤ | ᠨᠢᠲᠤᠯᠬᠤ ᠴᠢᠨᠠᠷ ᠤᠨ ᠰᠢᠯᠭᠠᠯᠳᠠ ᠶᠢᠨ ᠲᠦᠰᠦᠪ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠭᠡᠷᠡᠭᠵᠢᠬᠦᠯᠦᠨ᠎ᠡ᠃ | ᠬᠤᠷᠢᠨ ᠭᠤᠷᠪᠠᠳᠤᠭᠠᠷ ᠵᠤᠷᠪᠤᠰ ᠮᠠᠯ ᠵᠢᠭᠦᠷᠲᠡᠨ ᠨᠢᠲᠤᠯᠬᠤ ᠡᠵᠡᠩᠨᠡᠭᠴᠢ ᠨᠢ ᠥᠪᠡᠷ ᠤᠨ | ᠦᠢᠯᠡᠳᠪᠦᠷᠢᠯᠡᠭᠰᠡᠨ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢ ᠬᠠᠷᠢᠭᠤᠴᠠᠵᠤ᠂ | ᠤᠯᠤᠰ ᠠᠴᠠ ᠲᠣᠭᠲᠠᠭᠠᠭᠰᠠᠨ ᠠᠵᠢᠯᠯᠠᠬᠤ ᠳᠦᠷᠢᠮ᠂ ᠮᠡᠷᠭᠡᠵᠢᠯ ᠤᠨ ᠱᠠᠭᠠᠷᠳᠠᠯᠭ᠎ᠠ ᠪᠠ ᠶᠠᠰᠤ ᠴᠢᠨᠠᠷ ᠤᠨ | ᠬᠠᠮᠢᠶᠠᠷᠤᠯᠲᠠ ᠶᠣᠰᠣᠭᠠᠷ ᠮᠠᠯ ᠵᠢᠭᠦᠷᠲᠡᠨ ᠨᠢᠲᠤᠯᠬᠤ ᠠᠯᠬᠤᠮ ᠶᠠᠪᠤᠴᠠ ᠶᠢ ᠬᠦᠢᠴᠡᠳᠭᠡᠨ᠎ᠡ᠃ ᠮᠠᠯ ᠵᠢᠭᠦᠷᠲᠡᠨ | ᠨᠢᠲᠤᠯᠬᠤ ᠠᠵᠤ ᠠᠬᠤᠶᠢᠯᠠᠯ ᠨᠢ ᠮᠠᠯ ᠵᠢᠭᠦᠷᠲᠡᠨ ᠨᠢᠲᠤᠯᠬᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ | ᠲᠤᠭᠳᠠᠬᠤ ᠬᠡᠷᠡᠭᠲᠡᠢ᠃ ᠬᠢᠵᠢᠭ ᠤᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠬᠢᠭᠰᠡᠨ ᠦᠭᠡᠢ ᠪᠤᠶᠤ | ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠪᠣᠯᠪᠠᠰᠤᠷᠠᠭᠤᠯᠵᠤ᠂ | ᠪᠣᠷᠣᠯᠠᠭᠤᠯᠵᠤ ᠪᠣᠯᠬᠤ ᠦᠭᠡᠢ᠃ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠤᠯᠤᠰ ᠤᠨ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠤᠷᠢᠨ ᠳᠥᠷᠪᠡᠳᠦᠭᠡᠷ ᠵᠤᠷᠪᠤᠰ ᠮᠠᠯ ᠵᠢᠭᠦᠷᠲᠡᠨ ᠨᠢᠲᠤᠯᠬᠤ ᠡᠵᠡᠩᠨᠡᠭᠴᠢ ᠨᠢ ᠮᠠᠯ ᠵᠢᠭᠦᠷᠲᠡᠨ ᠤ ᠢᠷᠡᠯᠲᠡ᠂ | ᠪᠦᠲᠦᠭᠡᠭᠳᠡᠬᠦᠨ ᠤ ᠭᠦᠢᠯᠭᠡᠭᠡᠨ ᠤ ᠬᠠᠨᠳᠤᠰᠢ᠂ ᠮᠢᠬᠠᠨ ᠤ ᠵᠦᠢᠯ ᠤᠨ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠪᠠ | ᠬᠤᠣᠷ ᠦᠭᠡᠶᠢᠵᠢᠬᠦᠯᠦᠨ ᠰᠢᠢᠳᠪᠦᠷᠢᠯᠡᠭᠰᠡᠨ ᠵᠡᠷᠭᠡ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠬᠦ ᠶᠢᠨ | ᠬᠠᠮᠳᠤ᠂ ᠲᠡᠮᠳᠡᠭᠯᠡᠯ ᠤᠨ ᠬᠠᠳᠠᠭᠠᠯᠠᠬᠤ ᠬᠤᠭᠤᠴᠠᠭ᠎ᠠ ᠶᠢ ᠬᠤᠶᠠᠷ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠤᠯᠠᠭᠠᠨ ᠢᠳᠡᠭᠡᠨ ᠡᠳ᠋ᠰᠢᠬᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ ᠤᠯᠤᠰ ᠤᠨ ᠬᠠᠮᠢᠶ᠎ᠠ ᠪᠦᠬᠦᠢ ᠲᠦᠷᠢᠮ | ᠲᠣᠭᠲᠠᠭᠠᠯ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ ᠮᠡᠳᠡᠭᠡ ᠵᠠᠩᠭᠢ ᠶᠢ ᠲᠠᠩᠰᠠᠯᠠᠬᠤ ᠬᠡᠷᠡᠭᠲᠡᠢ᠃ ᠮᠡᠳᠡᠭᠡ | ᠵᠠᠩᠭᠢᠵᠢᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠮᠠᠯ ᠵᠢᠭᠦᠷᠲᠡᠨᠨᠢᠲᠤᠯᠬᠤ ᠠᠵᠤ ᠠᠬᠤᠶᠢᠯᠠᠯ ᠪᠠ ᠤᠯᠠᠭᠠᠨ | ᠢᠳᠡᠭᠡᠨ ᠡᠳ᠋ᠰᠢᠭᠦᠯᠬᠦ ᠠᠵᠤ ᠠᠬᠤᠶᠢᠯᠠᠯ ᠨᠤᠭᠤᠳ ᠤᠨ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠠᠷᠭ᠎ᠠ ᠪᠠᠷᠢᠯ ᠢ ᠭᠡᠷᠡᠭᠯᠡᠵᠦ ᠦᠢᠯᠡᠳᠪᠦᠷᠢᠯᠡᠯ ᠤᠨ ᠲᠡᠮᠳᠡᠭᠯᠡᠯ᠂ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ | ᠲᠡᠮᠳᠡᠭᠯᠡᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠮᠡᠳᠡᠭᠡ ᠵᠠᠩᠭᠢ ᠪᠠᠨ ᠴᠤᠭᠯᠠᠭᠤᠯᠬᠤ ᠪᠠ ᠬᠠᠳᠠᠭᠠᠯᠠᠬᠤ ᠶᠢ | ᠵᠣᠷᠢᠭᠵᠢᠭᠤᠯᠤᠨ᠎ᠠ᠃ | ᠬᠤᠷᠢᠨ ᠲᠠᠪᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠠᠴᠠ ᠮᠠᠯ ᠵᠢᠭᠦᠷᠲᠡᠨ ᠢ ᠲᠤᠬᠠᠢ ᠶᠢᠨ ᠭᠠᠵᠠᠷ | ᠲᠤᠨᠢ ᠨᠢᠲᠤᠯᠬᠤ ᠶᠢ ᠵᠣᠷᠢᠭᠵᠢᠭᠤᠯᠵᠤ᠂ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠢ ᠵᠢᠯᠤᠭᠤᠳᠤᠨ ᠲᠡᠵᠢᠭᠡᠨ | ᠦᠷᠡᠵᠢᠭᠦᠯᠬᠦ ᠭᠤᠣᠯ ᠦᠢᠯᠡᠳᠪᠦᠷᠢᠯᠡᠯ ᠤᠨ ᠣᠷᠣᠨ ᠲᠡᠰᠢ ᠰᠢᠯᠵᠢᠭᠦᠯᠵᠦ᠂ ᠮᠠᠯᠵᠢᠬᠤ ᠨᠢᠲᠤᠯᠬᠤ ᠢᠵᠢ | ᠪᠦᠷᠢᠳᠦᠬᠦ᠂ ᠦᠢᠯᠡᠳᠪᠦᠷᠢᠯᠡᠯ ᠪᠤᠷᠤᠯᠠᠭᠤᠯᠭ᠎ᠠ ᠤᠷᠤᠭᠰᠢᠲᠠᠢ ᠵᠣᠯᠭᠠᠬᠤ ᠶᠢ ᠪᠡᠶᠡᠯᠡᠭᠦᠯᠦᠨ᠎ᠡ᠃ ᠥᠪᠡᠷᠲᠡᠭᠡᠨ | ᠵᠠᠰᠠᠬᠤ ᠣᠷᠣᠨ ᠠᠴᠠ ᠮᠠᠯ ᠵᠢᠭᠦᠷᠲᠡᠨ ᠤ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠡᠳ᠋ᠰᠢᠭᠦᠯᠵᠦ ᠬᠦᠷᠭᠡᠬᠦ | ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠲᠤᠯᠵᠤ ᠡᠳ᠋ᠰᠢᠭᠦᠯᠬᠦ ᠠᠵᠤ | ᠠᠬᠤᠶᠢᠯᠠᠯ ᠤᠨ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠲᠥᠬᠦᠭᠡᠷᠦᠮᠵᠢ ᠲᠤᠬᠢᠷᠠᠭᠤᠯᠤᠨ᠂ ᠤᠷᠢᠳᠠᠴᠢ ᠬᠥᠮᠥᠷᠭᠡ᠂ | ᠰᠠᠯᠭᠠᠯᠳᠠ ᠶᠢᠨ ᠬᠥᠮᠥᠷᠭᠡ ᠪᠠᠶᠢᠭᠤᠯᠬᠤ ᠶᠢ ᠵᠤᠷᠢᠬᠵᠢᠭᠤᠯᠤᠨ᠎ᠠ ᠃ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠤ᠂ | ᠪᠣᠷᠤᠯᠠᠭᠤᠯᠭ᠎ᠠ ᠶᠢᠨ ᠰᠦᠯᠵᠢᠶ᠎ᠡ ᠶᠢ ᠥᠷᠭᠡᠳᠬᠡᠨ᠂ ᠠᠮᠢᠳᠤ ᠮᠠᠯ ᠵᠢᠭᠦᠷᠲᠡᠨ ᠵᠥᠭᠡᠭᠡᠪᠦᠷᠢᠯᠡᠬᠦ ᠠᠴᠠ ᠡᠳ᠋ᠰᠢᠬᠦᠯᠦᠭᠰᠡᠨ | ᠤᠯᠠᠭᠠᠨ ᠢᠳᠡᠭᠡᠨ ᠵᠥᠭᠡᠭᠡᠪᠦᠷᠢᠯᠡᠬᠦ ᠳᠠᠰᠢ ᠬᠤᠪᠢᠷᠠᠬᠤ ᠶᠢ ᠠᠬᠢᠭᠤᠯᠤᠨ᠎ᠠ᠃ | ᠬᠤᠷᠢᠨ ᠵᠢᠷᠭᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠠᠴᠠ ᠠᠵᠤ ᠠᠬᠤᠶᠢᠯᠠᠯ ᠤᠨ ᠲᠡᠵᠢᠬᠡᠨ | ᠦᠷᠡᠵᠢᠬᠦᠯᠬᠦ᠂ ᠵᠠᠷᠤᠵᠤ ᠨᠢᠲᠤᠯᠬᠤ᠂ ᠡᠳ᠋ᠰᠢᠬᠦᠯᠦᠨ ᠪᠤᠯᠪᠠᠰᠤᠷᠠᠭᠤᠯᠬᠤ ᠂ ᠲᠣᠬᠢᠷᠠᠭᠤᠯᠤᠨ ᠬᠦᠷᠭᠡᠬᠦ᠂ ᠬᠤᠳᠠᠯᠳᠤᠨ | ᠪᠣᠷᠣᠯᠠᠭᠤᠯᠬᠤ ᠨᠢᠭᠡ ᠴᠣᠭᠴᠠᠵᠢᠭᠰᠠᠨ ᠡᠵᠡᠩᠨᠡᠯᠲᠡ ᠬᠢᠬᠦ ᠶᠢ ᠳᠡᠮᠵᠢᠵᠦ᠂ ᠨᠠᠷᠢᠯᠢᠭ ᠭᠦᠨᠵᠡᠭᠡᠢ ᠡᠳ᠋ᠰᠢᠭᠦᠯᠬᠦ ᠪᠠ | ᠳᠠᠭᠠᠯᠲᠠ ᠪᠦᠲᠦᠭᠡᠭᠳᠡᠬᠦᠨ ᠤ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯ ᠵᠢᠭᠦᠷᠲᠡᠨ ᠤ | ᠪᠦᠲᠦᠭᠡᠭᠳᠡᠬᠦᠨ ᠢ ᠨᠠᠷᠢᠯᠢᠭ ᠰᠠᠯᠭᠠᠬᠤ᠂ ᠪᠡᠯᠡᠨ ᠵᠠᠭᠤᠰᠢ ᠪᠤᠯᠭᠠᠬᠤ᠂ ᠬᠦᠢᠳᠡᠨ ᠢᠶᠠᠷ ᠲᠡᠭᠡᠭᠡᠪᠦᠷᠢᠯᠡᠬᠦ᠂ | ᠬᠠᠳᠠᠭᠠᠯᠠᠬᠤ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ ᠢᠵᠢ ᠪᠦᠷᠢᠳᠦᠭᠰᠡᠨ ᠪᠠᠶᠢᠭᠤᠯᠤᠯᠳᠠ ᠶᠢ | ᠵᠣᠷᠢᠭᠵᠢᠭᠤᠯᠤᠨ᠎ᠠ᠃ | ᠬᠤᠷᠢᠨ ᠳᠣᠯᠣᠳᠤᠭᠠᠷ ᠵᠤᠷᠪᠤᠰ ᠮᠠᠯ ᠵᠢᠭᠦᠷᠲᠡᠨ ᠢ ᠲᠡᠭᠡᠭᠡᠪᠦᠷᠢᠯᠡᠬᠦ ᠳᠡᠭᠡᠨ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠦᠷᠢᠮ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠭᠡ ᠠᠵᠤ ᠠᠬᠤᠢ ᠬᠥᠳᠡᠭᠡ | ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ ᠡᠪᠡᠳᠴᠢᠨ ᠬᠢᠵᠢᠭ | ᠰᠡᠷᠭᠡᠶᠢᠯᠡᠬᠦ ᠨᠥᠬᠦᠴᠡᠯ ᠳᠤ ᠨᠡᠶᠢᠴᠡᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠵᠢᠭᠦᠷᠲᠡᠨ ᠤ ᠠᠶᠤᠯᠬᠦᠢ ᠶᠢ | ᠪᠠᠳᠤᠯᠠᠬᠤ ᠶᠢᠨ ᠬᠠᠮᠲᠤ ᠵᠥᠭᠡᠭᠡᠪᠦᠷᠢᠯᠡᠵᠦ ᠪᠠᠶᠢᠭ᠎ᠠ ᠮᠠᠯ ᠵᠢᠭᠦᠷᠲᠡᠨ ᠳᠤ ᠴᠢᠬᠤᠯᠠ ᠪᠦᠬᠦᠢ ᠣᠷᠣᠨ ᠵᠠᠢ ᠪᠠ ᠢᠳᠡᠯᠭᠡ | ᠤᠤᠭᠤᠯᠭ᠎ᠠ ᠶᠢᠨ ᠨᠥᠬᠦᠴᠡᠯ ᠢ ᠬᠠᠩᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠤᠷᠪᠤᠰ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ᠂ ᠤᠯᠠᠭᠠᠨ ᠢᠳᠡᠭᠡᠨ | ᠡᠳ᠋ᠰᠢᠭᠦᠯᠬᠦ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠯᠦᠭᠡ ᠬᠠᠮᠵᠢᠯᠴᠠᠨ | ᠠᠵᠢᠯᠯᠠᠬᠤ ᠶᠢ ᠵᠣᠷᠢᠭᠵᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠦᠲᠦᠭᠡᠭᠳᠡᠬᠦᠨ ᠤ ᠰᠤᠳᠤᠯᠤᠨ | ᠨᠡᠭᠡᠭᠡᠬᠦ ᠶᠢ ᠴᠢᠩᠭᠠᠳᠬᠠᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠪᠠ ᠦᠨ᠎ᠡ ᠥᠰᠬᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠤᠷᠢ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠪᠣᠷᠤᠯᠠᠭᠤᠯᠭ᠎ᠠ ᠶᠢᠨ ᠲᠠᠪᠴᠠᠩ ᠤᠨ ᠪᠠᠶᠢᠭᠤᠯᠤᠯᠲᠠ ᠶᠢ | ᠳᠡᠮᠵᠢᠵᠦ᠂ ᠡᠵᠡᠩᠨᠡᠯᠳᠡ ᠶᠢᠨ ᠭᠤᠣᠯ ᠴᠣᠭᠴᠠ ᠶᠢ ᠵᠢᠯᠤᠭᠤᠳᠤᠨ ᠨᠠᠷᠠᠲᠤ ᠲᠡᠮᠳᠡᠭ ᠤᠨ ᠬᠠᠮᠠᠭᠠᠯᠠᠯᠳᠠ ᠶᠢᠨ | ᠤᠬᠠᠮᠰᠠᠷ ᠢ ᠨᠢ ᠴᠢᠩᠭᠠᠷᠠᠭᠤᠯᠵᠤ᠂ ᠤᠯᠠᠭᠠᠨ ᠢᠳᠡᠭᠡᠨ ᠤ ᠬᠡᠯᠬᠢᠶᠡᠵᠢᠭᠰᠡᠨ ᠳᠡᠯᠭᠡᠭᠦᠷ᠂ ᠰᠢᠭᠤᠳ ᠪᠣᠷᠣᠯᠠᠭᠤᠯᠬᠤ | ᠳᠡᠯᠭᠡᠭᠦᠷ᠂ ᠲᠤᠰᠬᠠᠢ ᠯᠠᠩᠭᠦᠢ᠂ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠶᠢ | ᠵᠣᠷᠢᠭᠵᠢᠭᠤᠯᠤᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠲᠠᠪᠴᠠᠩ ᠳᠤ ᠲᠦᠰᠢᠭᠯᠡᠨ ᠣᠨᠴᠠᠯᠢᠭᠲᠤ | ᠪᠦᠲᠦᠭᠡᠭᠳᠡᠬᠦᠨ ᠤ ᠰᠦᠯᠵᠢᠶᠡᠨ ᠳᠡᠯᠭᠡᠭᠦᠷ ᠢ ᠪᠠᠶᠢᠭᠤᠯᠤᠨ᠂ ᠦᠵᠡᠭᠦᠯᠦᠯᠭᠡ ᠶᠢᠨ ᠴᠤᠭᠯᠠᠭᠠᠨ᠂ ᠠᠷᠠᠯᠵᠢᠶᠠᠨ ᠤ | ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠭᠠᠨ ᠢᠳᠡᠭᠡᠨ ᠤ ᠪᠣᠷᠤᠯᠠᠭᠤᠯᠭ᠎ᠠ ᠶᠢᠨ ᠠᠷᠭ᠎ᠠ | ᠵᠠᠮ ᠢ ᠥᠷᠭᠡᠳᠬᠡᠨ᠂ ᠨᠡᠶᠢᠭᠡᠮᠯᠢᠭ᠂ ᠲᠤᠰᠬᠠᠢ ᠬᠤᠷᠰᠢᠶ᠎ᠠ ᠪᠠ ᠲᠡᠵᠢᠭᠡᠨ ᠦᠷᠡᠵᠢᠭᠦᠯᠬᠦ ᠡᠷᠦᠬᠡ ᠲᠠᠢ ᠬᠤᠯᠪᠣᠭᠠᠯᠠᠵᠤ᠂ | ᠲᠠᠪᠴᠠᠩ ᠢ ᠠᠰᠢᠭᠯᠠᠨ ᠬᠤᠳᠠᠯᠳᠤᠨ ᠪᠣᠷᠣᠯᠠᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠢ ᠵᠤᠷᠢᠭᠵᠢᠭᠤᠯᠵᠤ | ᠪᠠᠶᠢᠭᠠᠳ ᠬᠠᠮᠢᠶ᠎ᠠ ᠪᠦᠬᠦᠢ ᠪᠣᠷᠤᠯᠠᠭᠤᠯᠭ᠎ᠠ ᠶᠢᠨ ᠲᠠᠪᠴᠠᠩ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ | ᠦᠢᠯᠡᠴᠢᠯᠡᠬᠦ᠂ ᠬᠢᠨᠠᠯᠲᠠ ᠲᠠᠯᠪᠢᠬᠤ ᠠᠵᠢᠯ ᠢ ᠰᠠᠶᠢᠨ ᠬᠢᠬᠦ ᠭᠡᠷᠡᠭᠳᠡᠢ᠃ | ᠲᠠᠪᠤᠳᠤᠭᠠᠷ ᠪᠦᠯᠦᠭ ᠦᠢᠯᠡᠴᠢᠯᠡᠭᠡ ᠪᠠ ᠪᠠᠲᠤᠯᠠᠭ᠎ᠠ | ᠭᠤᠴᠢᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠮᠢᠬᠠᠨ ᠤ ᠦᠢᠯᠡᠰ ᠤᠨ ᠬᠥᠭᠵᠢᠯᠲᠡ ᠳᠤ ᠡᠳ᠋ ᠤᠨ ᠵᠠᠰᠠᠭ ᠤᠨ ᠳᠡᠮᠵᠢᠯᠭᠡ | ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠲᠦᠬᠦᠭᠡᠷᠦᠮᠵᠢᠳᠦ ᠮᠠᠯ ᠠᠵᠤ | ᠠᠬᠤᠢ᠂ ᠤᠯᠠᠭᠠᠨ ᠢᠳᠡᠭᠡᠨ ᠨᠠᠷᠢᠯᠢᠭ ᠭᠦᠨᠵᠡᠭᠡᠢ ᠡᠳ᠋ᠰᠢᠭᠦᠯᠬᠦ᠂ ᠬᠦᠢᠳᠡᠨ ᠬᠡᠯᠬᠢᠶ᠎ᠡ ᠪᠠᠷ ᠬᠠᠳᠠᠭᠠᠯᠠᠬᠤ᠂ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ | ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ | ᠬᠦᠴᠦᠨ ᠵᠦᠢᠯ ᠤᠨ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠮᠠᠯ ᠵᠢᠭᠦᠷᠲᠡᠨ ᠤ ᠢᠲᠡᠭᠡᠮᠵᠢᠲᠦ ᠵᠢᠭᠡᠯᠡᠯᠭᠡ ᠶᠢᠨ ᠪᠠᠳᠤᠯᠠᠭ᠎ᠠ ᠪᠠ ᠳᠠᠭᠠᠳᠬᠠᠯ ᠤᠨ ᠲᠣᠭᠲᠠᠴᠠ ᠶᠢ | ᠬᠠᠤᠯᠢ ᠲᠦᠷᠢᠮ ᠶᠣᠰᠣᠭᠠᠷ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠳᠦᠭᠡᠭᠳᠡᠬᠦᠨ ᠪᠠ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠤᠨ᠂ ᠪᠠᠭ᠎ᠠ ᠬᠡᠮᠵᠢᠶᠡᠨ ᠤ ᠲᠦᠭᠡᠮᠡᠯ ᠬᠠᠷᠠᠭᠠᠯᠵᠠᠯᠲᠤ ᠵᠢᠭᠡᠯᠡᠯᠭᠡ ᠶᠢᠨ ᠵᠠᠭᠪᠤᠷ ᠢ ᠲᠡᠯᠬᠡᠷᠡᠬᠦᠯᠵᠦ᠂ | ᠲᠠᠷᠢᠶᠠᠯᠠᠩ ᠮᠠᠯᠵᠢᠯ ᠢ ᠳᠡᠮᠵᠢᠬᠦ ᠵᠢᠭᠡᠯᠡᠯᠭᠡ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠡᠵᠢᠭᠡᠨ ᠦᠷᠡᠵᠢᠭᠦᠯᠬᠦ ᠦᠢᠯᠡᠰ ᠤᠨ | ᠳᠠᠭᠠᠳᠬᠠᠯ ᠤᠨ ᠰᠦᠢᠳᠭᠡᠯ ᠳᠤ ᠨᠥᠬᠦᠪᠦᠷᠢ ᠤᠯᠭᠤᠬᠤ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ | ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠲᠥᠷᠥᠯ ᠵᠦᠢᠯ ᠢᠶᠠᠨ ᠵᠣᠬᠢᠰᠲᠠᠢ ᠨᠡᠮᠡᠭᠳᠡᠭᠦᠯᠬᠦ ᠶᠢ ᠲᠡᠮᠵᠢᠵᠤ᠂ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠭᠤᠴᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠠᠭᠠᠨ ᠢᠳᠡᠭᠡᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠵᠤ᠂ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠬᠠᠮᠢᠶᠠᠷᠤᠯᠲᠠ᠂ ᠵᠠᠷᠤᠵᠤ ᠨᠢᠲᠤᠯᠬᠤ ᠶᠠᠰᠤ | ᠴᠢᠨᠠᠷ ᠤᠨ ᠬᠠᠮᠢᠶᠠᠷᠤᠯᠲᠠ᠂ ᠠᠯᠪᠠᠳᠠᠯᠭ᠎ᠠ ᠪᠠᠷ ᠬᠢᠵᠢᠭ ᠰᠡᠷᠭᠡᠶᠢᠯᠡᠬᠦ ᠲᠠᠷᠢᠯᠭ᠎ᠠ ᠬᠢᠬᠦ᠂ ᠬᠠᠶᠠᠭᠳᠠᠮᠠᠯ ᠪᠤᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠯ᠎ᠠ ᠶᠢᠨ ᠮᠡᠷᠭᠡᠵᠢᠯ ᠢ ᠲᠦᠷᠢᠮᠵᠢᠬᠦᠯᠦᠨ ᠭᠡᠷᠡᠭᠵᠢᠬᠦᠯᠵᠦ᠂ ᠮᠠᠯ ᠵᠢᠭᠦᠷᠲᠡᠨ ᠢ | ᠦᠷᠡᠵᠢᠭᠦᠯᠦᠨ ᠪᠣᠶᠢᠵᠢᠭᠤᠯᠬᠤ᠂ ᠲᠡᠵᠢᠭᠡᠨ ᠦᠷᠡᠵᠢᠭᠦᠯᠬᠦ᠂ ᠵᠠᠷᠤᠵᠤ ᠨᠢᠲᠤᠯᠬᠤ᠂ ᠡᠳ᠋ᠰᠢᠬᠦᠯᠦᠨ | ᠪᠤᠯᠪᠠᠰᠤᠷᠠᠭᠤᠯᠬᠤ᠂ ᠲᠣᠬᠢᠷᠠᠭᠤᠯᠤᠨ ᠬᠦᠷᠭᠡᠬᠦ᠂ ᠬᠤᠳᠠᠯᠳᠤᠨ ᠪᠣᠷᠣᠯᠠᠭᠤᠯᠬᠤ ᠪᠥᠬᠦ ᠶᠠᠪᠤᠴᠠ ᠶᠢᠨ | ᠪᠠᠷᠢᠮᠵᠢᠶᠠᠵᠢᠭᠤᠯᠤᠯᠲᠠ ᠶᠢ ᠠᠬᠢᠭᠤᠯᠬᠤ ᠭᠡᠷᠡᠭᠳᠡᠢ᠃ | ᠭᠤᠴᠢᠨ ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠤᠯᠠᠭᠠᠨ ᠢᠳᠡᠭᠡᠨ ᠤ ᠶᠠᠰᠤ ᠴᠢᠨᠠᠷ ᠤᠨ ᠮᠥᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷ᠎ᠠ ᠪᠠᠨ ᠤᠯᠠᠭᠠᠨ ᠢᠳᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠨ ᠬᠢᠬᠦ | ᠭᠡᠷᠡᠭᠳᠡᠢ᠃ | ᠭᠤᠴᠢᠨ ᠳᠥᠷᠪᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠪᠠᠨ | ᠰᠢᠯᠢᠳᠡᠭᠵᠢᠭᠦᠯᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ | ᠦᠢᠯᠡᠴᠢᠯᠡᠬᠦ ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠬᠤ ᠶᠢ ᠠᠬᠢᠭᠤᠯᠬᠤ ᠬᠡᠷᠡᠭᠲᠡᠢ᠃ ᠮᠢᠬᠠᠨ ᠤ ᠦᠢᠯᠡᠰ ᠤᠨ ᠠᠵᠤ ᠦᠶᠢᠯᠡᠰᠵᠢᠭᠰᠡᠨ ᠲᠠᠭᠠᠭᠤᠯᠤᠭᠴᠢ ᠠᠵᠤ | ᠠᠬᠤᠶᠢᠯᠠᠯ ᠢ ᠵᠣᠷᠢᠭᠵᠢᠭᠤᠯᠤᠨ ᠵᠢᠯᠤᠭᠤᠳᠴᠤ᠂ ᠪᠥᠬᠦ ᠠᠵᠤ ᠦᠢᠯᠡᠰ ᠤᠨ ᠬᠡᠯᠬᠢᠶᠡᠨ ᠤ ᠪᠠᠶᠢᠷᠢᠰᠢᠭᠤᠯᠤᠯᠲᠠ ᠶᠢ | ᠠᠬᠢᠭᠤᠯᠤᠨ᠂ ᠮᠢᠬᠠᠨ ᠤ ᠦᠢᠯᠡᠰ ᠤᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ ᠬᠦᠭᠵᠢᠬᠦᠯᠵᠦ᠂ ᠳᠤᠮᠳᠠ | ᠵᠢᠵᠢᠭ ᠠᠵᠤ ᠠᠬᠤᠶᠢᠯᠠᠯ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ᠂ ᠮᠠᠯᠵᠢᠬᠤ ᠲᠠᠷᠢᠶᠠᠯᠠᠬᠤ ᠡᠷᠦᠬᠡ ᠶᠢᠨ ᠭᠡᠪᠴᠢᠶᠡᠵᠢᠭᠰᠡᠨ ᠡᠵᠡᠩᠨᠡᠯᠲᠡ ᠶᠢ ᠲᠠᠶᠢᠴᠢᠯᠠᠨ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠭᠡᠷᠡᠭᠳᠡᠢ᠃ | ᠭᠤᠴᠢᠨ ᠲᠠᠪᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠠᠴᠠ ᠮᠠᠯ ᠠᠵᠤ ᠠᠬᠤᠢ ᠶᠢᠨ ᠰᠢᠨᠵᠢᠯᠡᠭᠡ | ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠵᠤ᠂ ᠳᠤᠮᠳᠠ ᠵᠢᠵᠢᠭ ᠬᠡᠯᠪᠡᠷᠢ ᠶᠢᠨ ᠲᠡᠵᠢᠭᠡᠨ | ᠦᠷᠡᠵᠢᠭᠦᠯᠬᠦ ᠡᠷᠥᠭᠡ ᠳᠤ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ᠂ ᠡᠪᠡᠰᠦ ᠪᠣᠷᠳᠤᠭ᠎ᠠ ᠪᠠᠷ ᠰᠢᠮ᠎ᠡ | ᠲᠡᠵᠢᠭᠡᠯ ᠨᠦᠬᠦᠬᠦ᠂ ᠡᠪᠡᠳᠴᠢᠨ ᠬᠢᠵᠢᠭ ᠤᠨᠤᠰᠢᠯᠠᠨ ᠵᠠᠰᠠᠬᠤ᠂ ᠮᠠᠰᠢᠨᠴᠢᠯᠠᠭᠰᠠᠨ ᠦᠢᠯᠡᠳᠪᠦᠷᠢᠯᠡᠯ ᠂ | ᠪᠦᠳᠦᠭᠡᠭᠳᠡᠬᠦᠨ ᠢ ᠬᠠᠳᠠᠭᠠᠯᠠᠬᠤ ᠪᠠ ᠲᠡᠭᠡᠭᠡᠪᠦᠷᠢᠯᠡᠬᠦ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠵᠡᠷᠭᠡ ᠬᠡᠷᠡᠭᠯᠡᠭᠡᠨ ᠤ ᠮᠡᠷᠭᠡᠵᠢᠯ ᠤᠨ ᠦᠢᠯᠡᠴᠢᠯᠡᠭᠡ ᠬᠠᠩᠭᠠᠬᠤ ᠭᠡᠷᠡᠭᠳᠡᠢ᠃ | ᠭᠤᠴᠢᠨ ᠵᠢᠷᠭᠤᠳᠤᠭᠠᠷ ᠵᠤᠷᠪᠤᠰ ᠮᠢᠬᠠᠨ ᠤ ᠦᠢᠯᠡᠰ ᠤᠨ ᠠᠵᠢᠯ ᠲᠦᠷᠦᠯ ᠤᠨ ᠨᠡᠶᠢᠭᠡᠮᠯᠢᠭ ᠤᠨ ᠲᠠᠩᠰᠠᠯᠠᠨ | ᠬᠠᠮᠢᠶᠠᠷᠬᠤ ᠪᠠᠶᠢᠭᠤᠯᠭ᠎ᠠ᠂ ᠠᠵᠢᠯ ᠲᠦᠷᠦᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ | ᠠᠵᠢᠯ ᠲᠦᠷᠦᠯ ᠤᠨ ᠨᠡᠶᠢᠭᠡᠮᠯᠢᠭ ᠤᠨ ᠬᠢᠨᠠᠯᠲᠠ ᠬᠠᠮᠢᠶᠠᠷᠤᠯᠲᠠ ᠪᠠ ᠵᠢᠯᠣᠭᠤᠳᠤᠯᠭ᠎ᠠ ᠶᠢ ᠴᠢᠩᠭᠠᠳᠬᠠᠨ᠂ ᠮᠢᠬᠠᠨ ᠤ | ᠦᠢᠯᠡᠰ ᠤᠨ ᠠᠵᠢᠯ ᠲᠦᠷᠦᠯ ᠤᠨ ᠨᠡᠶᠢᠭᠡᠮᠯᠢᠭ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠨᠡᠶᠢᠭᠡᠮᠯᠢᠭ ᠨᠢ ᠮᠢᠬᠠᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠣᠷᠣᠯᠴᠠᠵᠤ᠂ ᠠᠵᠢᠯ ᠲᠥᠷᠥᠯ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ | ᠪᠠᠶᠢᠭᠤᠯᠵᠤ᠂ ᠠᠵᠢᠯ ᠲᠥᠷᠥᠯ ᠤᠨ ᠲᠦᠷᠢᠮᠵᠢᠯ ᠢ ᠲᠣᠭᠲᠠᠭᠠᠨ᠂ ᠠᠵᠢᠯ ᠲᠥᠷᠥᠯ ᠤᠨ ᠳᠣᠲᠣᠭᠠᠳᠤ ᠶᠢᠨ ᠡᠷᠬᠡ | ᠲᠡᠭᠰᠢ ᠪᠠᠷ ᠥᠷᠢᠰᠦᠯᠳᠦᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠢᠯ ᠲᠥᠷᠥᠯ᠂ ᠵᠠᠰᠠᠭ ᠤᠨ | ᠣᠷᠳᠣᠨ ᠪᠠ ᠨᠡᠶᠢᠭᠡᠮ ᠨᠡᠶᠢᠳᠡ ᠳᠤ ᠦᠢᠯᠡᠴᠢᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠤᠷᠪᠤᠰ ᠮᠢᠬᠠᠨ ᠤ ᠦᠢᠯᠡᠰ ᠤᠨ ᠠᠵᠤ ᠠᠬᠤᠶᠢᠯᠠᠯ᠂ ᠠᠵᠢᠯ ᠲᠦᠷᠦᠯ ᠤᠨ | ᠨᠡᠶᠢᠭᠡᠮᠯᠢᠭ ᠤᠳ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠬᠠᠮᠳᠤ ᠶᠢᠨ ᠪᠠᠷᠢᠮᠵᠢᠶ᠎ᠠ ᠶᠢ ᠦᠪᠡᠷᠳᠡᠭᠡᠨ | ᠲᠣᠭᠲᠠᠭᠠᠬᠤ ᠪᠠ ᠨᠡᠶᠢᠲᠡᠯᠡᠵᠦ᠂ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠠᠵᠢᠯ ᠲᠦᠷᠦᠯ ᠤᠨ | ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠡᠭᠦᠷᠭᠡᠯᠡᠬᠦ ᠪᠤᠶᠤ ᠲᠡᠭᠦᠨ ᠳᠤ ᠢᠳᠡᠪᠬᠢᠲᠡᠢ | ᠣᠷᠣᠯᠴᠠᠬᠤ ᠶᠢ ᠵᠣᠷᠢᠭᠵᠢᠭᠤᠯᠤᠨ᠎ᠠ᠃ | ᠭᠤᠴᠢᠨ ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠢ ᠮᠠᠯ ᠵᠢᠭᠦᠷᠲᠡᠨ ᠵᠠᠷᠤᠵᠤ ᠨᠢᠲᠤᠯᠬᠤ ᠠᠵᠤ ᠠᠬᠤᠶᠢᠯᠠᠯ ᠪᠠ ᠤᠯᠠᠭᠠᠨ ᠢᠳᠡᠭᠡᠨ ᠡᠳ᠋ᠰᠢᠬᠦᠯᠦᠨ ᠪᠤᠯᠪᠠᠰᠤᠷᠠᠭᠤᠯᠬᠤ | ᠠᠵᠤ ᠠᠬᠤᠶᠢᠯᠠᠯ ᠤᠨ ᠢᠲᠡᠭᠡᠮᠵᠢ ᠶᠢᠨ ᠳᠦᠷᠢᠮ ᠢ ᠪᠠᠶᠢᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠨ᠂ ᠤᠷᠮᠠᠰᠢᠭᠤᠯᠤᠨ ᠵᠤᠷᠢᠬᠵᠢᠭᠤᠯᠬᠤ ᠪᠠ | ᠵᠠᠯᠬᠠᠭᠠᠨ ᠴᠡᠭᠡᠷᠯᠡᠭᠦᠯᠬᠦ ᠲᠦᠷᠢᠮ ᠢ ᠬᠠᠤᠯᠢ ᠶᠣᠰᠣᠭᠠᠷ ᠭᠡᠷᠡᠭᠵᠢᠬᠦᠯᠦᠨ᠎ᠡ᠃ | ᠭᠤᠴᠢ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠪᠠ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠲᠡᠵᠢᠭᠡᠨ ᠦᠷᠡᠵᠢᠭᠦᠯᠬᠦ᠂ ᠵᠠᠷᠤᠵᠤ ᠨᠢᠲᠤᠯᠬᠤ᠂ ᠡᠳ᠋ᠰᠢᠬᠦᠯᠦᠨ ᠪᠤᠯᠪᠠᠰᠤᠷᠠᠭᠤᠯᠬᠤ᠂ ᠡᠪᠡᠳᠴᠢᠨ | ᠬᠢᠵᠢᠭ ᠤᠨ ᠰᠡᠷᠭᠡᠶᠢᠯᠡᠯᠳᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ᠂ ᠬᠦᠢᠯᠭᠡᠭᠡ ᠪᠠ ᠶᠠᠰᠤ ᠴᠢᠨᠠᠷ | ᠵᠡᠷᠭᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠬᠢᠨᠠᠨ ᠬᠡᠮᠵᠢᠭᠰᠡᠨ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ ᠶᠢ ᠬᠡᠷᠡᠭᠵᠢᠭᠦᠯᠬᠦ ᠬᠡᠷᠡᠭᠲᠡᠢ᠃ | ᠳᠥᠴᠢᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠠᠴᠠ ᠮᠢᠬ᠎ᠠ ᠨᠥᠭᠡᠴᠡᠯᠡᠬᠦ ᠳᠦᠷᠢᠮ ᠢ | ᠬᠡᠷᠡᠭᠵᠢᠭᠦᠯᠦᠨ᠎ᠡ᠃ ᠮᠢᠬ᠎ᠠ ᠨᠥᠭᠡᠴᠡᠯᠡᠬᠦ ᠳᠤ ᠵᠢᠯ ᠲᠤᠷᠰᠢ ᠨᠥᠭᠡᠴᠡᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ | ᠡᠭᠡᠯᠵᠢᠯᠡᠨ ᠰᠣᠯᠢᠬᠤ ᠪᠠ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠮᠢᠬ᠎ᠠ ᠨᠦᠬᠡᠴᠡᠯᠡᠬᠦ ᠠᠵᠢᠯ ᠢ ᠴᠢᠩᠭ᠎ᠠ ᠬᠢᠨᠠᠨ ᠬᠠᠮᠢᠶᠠᠷᠴᠤ᠂ ᠬᠦᠨᠳᠦ ᠶᠡᠭᠡ | ᠪᠠᠶᠢᠭᠠᠯᠢ ᠶᠢᠨ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠠᠮᠢᠳᠠᠨ ᠤ ᠡᠪᠡᠳᠴᠢᠨ ᠬᠢᠵᠢᠭ | ᠪᠤᠶᠤ ᠪᠤᠰᠤᠳ ᠭᠡᠨᠡᠳᠲᠡ ᠶᠢᠨ ᠬᠡᠷᠡᠭ ᠠᠴᠠ ᠪᠣᠯᠤᠭᠰᠠᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ | ᠢᠳᠡᠪᠬᠢᠲᠡᠢ ᠪᠠᠷ ᠠᠷᠭᠠᠴᠠᠬᠤ ᠶᠢᠨ ᠬᠠᠮᠳᠤ ᠴᠢᠬᠤᠯᠠ ᠪᠦᠬᠦᠢ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠪᠠ ᠡᠵᠡᠮᠳᠡᠯ | ᠢ ᠬᠢᠵᠦ᠂ ᠤᠯᠠᠭᠠᠨ ᠢᠳᠡᠭᠡᠨ ᠤ ᠠᠶᠤᠯᠬᠦᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ | ᠳᠥᠴᠢᠨ ᠨᠢᠭᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨ ᠢᠳᠡᠭᠡᠨ ᠤ ᠨᠡᠷᠡᠲᠦ ᠲᠡᠮᠳᠡᠭ ᠢ ᠡᠭᠦᠳᠦᠨ ᠪᠠᠶᠢᠭᠤᠯᠬᠤ᠂ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠪᠠᠭᠤᠯᠢᠭ ᠣᠨᠴᠠᠯᠢᠭᠲᠤ ᠤᠯᠠᠭᠠᠨ ᠢᠳᠡᠭᠡᠨ ᠤ ᠰᠢᠮ᠎ᠡ | ᠲᠡᠵᠢᠭᠡᠯ ᠶᠠᠰᠤ ᠴᠢᠨᠠᠷ ᠤᠨ ᠳ᠋ᠠᠶᠢᠲ᠋ᠠ ᠬᠥᠮᠥᠷᠭᠡ ᠪᠠ ᠭᠦᠢᠴᠡᠳᠬᠡᠯ ᠲᠤᠭᠠᠨ ᠤ ᠰᠢᠰᠲ᠋ᠧᠮᠵᠢ ᠶᠢ ᠪᠠᠶᠢᠭᠤᠯᠤᠨ᠂ | ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠢ᠂ ᠳᠠᠶᠢᠴᠢᠯᠠᠬᠤ ᠴᠢᠳᠠᠪᠤᠷᠢ ᠪᠠᠷ ᠲᠣᠪᠣᠶᠢᠮ᠎ᠠ᠂ ᠪᠦᠲᠦᠭᠡᠭᠳᠡᠬᠦᠨ ᠤ | ᠣᠨᠴᠠᠯᠢᠭ ᠢᠶᠠᠷ ᠢᠯᠡ ᠲᠣᠳᠣ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ ᠠᠵᠤ ᠠᠬᠤᠶᠢᠯᠠᠯ ᠤᠨ ᠨᠠᠷᠠᠲᠤ | ᠲᠡᠮᠳᠡᠭ᠂ ᠪᠦᠲᠦᠭᠡᠭᠳᠡᠬᠦᠨ ᠤ ᠨᠠᠷᠠᠲᠤ ᠲᠡᠮᠳᠡᠭ ᠢ ᠡᠬᠦᠳᠴᠦ᠂ ᠤᠯᠠᠭᠠᠨ ᠢᠳᠡᠭᠡᠨ ᠤ ᠭᠠᠵᠠᠷ ᠵᠦᠢ ᠶᠢᠨ ᠪᠡᠯᠭᠡ | ᠲᠡᠮᠳᠡᠭ ᠤᠨ ᠬᠡᠷᠡᠭᠯᠡᠯᠲᠡ ᠶᠢ ᠠᠬᠢᠭᠤᠯᠤᠨ᠂ ︽ᠮᠣᠩᠭᠤᠯ︾ ᠲᠡᠮᠳᠡᠭ ᠢᠶᠠᠷ ᠭᠡᠷᠡᠴᠢᠯᠡᠬᠦᠯᠬᠦ ᠶᠢ ᠠᠬᠢᠭᠤᠯᠵᠤ᠂ ᠠᠵᠤ | ᠠᠬᠤᠶᠢᠯᠠᠯ ᠤᠨ ᠣᠷᠭᠠᠨᠢᠭ ᠪᠦᠲᠦᠭᠡᠭᠳᠡᠬᠦᠨ᠂ ᠪᠣᠬᠢᠷᠲᠤᠯ ᠦᠭᠡᠢ ᠢᠳᠡᠭᠡᠨ ᠤ ᠭᠡᠷᠡᠴᠢᠯᠡᠯ ᠬᠢᠯᠭᠡᠬᠦ ᠶᠢ | ᠵᠤᠷᠢᠬᠵᠢᠭᠤᠯᠤᠨ᠎ᠠ᠃ ᠨᠠᠷᠠᠲᠤ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠨᠡᠶᠢᠭᠡᠮ ᠨᠡᠶᠢᠳᠡ | ᠶᠢᠨ ᠲᠠᠨᠢᠨ ᠮᠡᠳᠡᠷᠡᠬᠦ ᠬᠡᠮᠵᠢᠶ᠎ᠡ ᠶᠢ ᠥᠷᠭᠡᠳᠬᠡᠨ᠂ ᠤᠯᠠᠭᠠᠨ ᠢᠳᠡᠭᠡᠨ ᠤ ᠬᠡᠷᠡᠭᠯᠡᠭᠡ ᠶᠢ ᠠᠬᠢᠭᠤᠯᠬᠤ ᠭᠡᠷᠡᠭᠳᠡᠢ᠃ | ᠳᠥᠴᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠪᠣᠬᠢᠷᠲᠤᠯ ᠦᠭᠡᠢ ᠡᠬᠢ ᠪᠠᠶᠠᠯᠢᠭ ᠤᠨ ᠳᠠᠪᠠᠭᠤᠯᠢᠭ ᠪᠠ ᠰᠣᠶᠣᠯ ᠤᠨ ᠣᠨᠴᠠᠯᠢᠭ ᠲᠠᠢ ᠤᠯᠠᠭᠠᠨ | ᠢᠳᠡᠭᠡᠨ ᠢ ᠵᠣᠷᠢᠭᠵᠢᠭᠤᠯᠤᠨ ᠬᠥᠭᠵᠢᠭᠦᠯᠵᠦ᠂ ᠣᠲᠣ ᠦᠶ᠎ᠡ ᠶᠢᠨ ᠲᠦᠬᠦᠭᠡᠷᠦᠮᠵᠢᠳᠦ ᠮᠠᠯ ᠠᠵᠤ ᠠᠬᠤᠢ ᠪᠠᠷ | ᠭᠤᠣᠯᠯᠠᠭᠤᠯᠤᠭᠰᠠᠨ ᠠᠵᠤ ᠦᠢᠯᠡᠰ ᠤᠨ ᠪᠦᠯᠦᠭᠯᠡᠯ᠂ ᠠᠵᠤ ᠦᠢᠯᠡᠰ ᠤᠨ ᠬᠦᠷᠢᠶᠡᠯᠡᠩ ᠪᠠ ᠠᠵᠤ ᠦᠢᠯᠡᠰ ᠤᠨ | ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠵᠤ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ᠂ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠪᠣᠬᠢᠷᠲᠤᠯ ᠦᠭᠡᠢ ᠣᠷᠭᠠᠨᠢᠭ ᠨᠠᠷᠠᠲᠤ ᠲᠡᠮᠳᠡᠭ ᠡᠬᠦᠳᠬᠦ | ᠠᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ | ᠴᠢᠩᠭᠠᠳᠬᠠᠬᠤ᠂ ᠬᠡᠯᠬᠢᠶᠡᠵᠢᠯ ᠢ ᠨᠥᠬᠦᠪᠦᠷᠢᠯᠡᠬᠦ ᠶᠢ ᠲᠦᠷᠭᠡᠳᠬᠡᠬᠦ ᠬᠡᠷᠡᠭᠲᠡᠢ᠃ ᠣᠷᠣᠨ ᠨᠤᠲᠤᠭ ᠤᠨ ᠳᠠᠪᠠᠭᠤᠯᠢᠭ | ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠵᠢᠭᠤᠯᠴᠢᠯᠠᠯ ᠤᠨ ᠦᠢᠯᠡᠰ ᠯᠦᠭᠡ ᠬᠠᠷᠢᠯᠴᠠᠨ ᠤᠶᠠᠯᠳᠤᠭᠤᠯᠬᠤ ᠶᠢ | ᠵᠣᠷᠢᠭᠵᠢᠭᠤᠯᠵᠤ᠂ ᠰᠡᠯᠡᠭᠦᠴᠡᠯ ᠤᠨ ᠲᠠᠷᠢᠶᠠᠯᠠᠩ ᠮᠠᠯᠵᠢᠯ᠂ ᠠᠮᠢ ᠠᠬᠤᠢ ᠶᠢᠨ ᠮᠠᠯᠵᠢᠯ ᠤᠨ ᠲᠠᠯᠠᠪᠠᠶ ᠪᠠ ᠰᠣᠶᠣᠯ ᠤᠨ | ᠣᠶᠢᠯᠠᠭᠠᠯᠲᠠ ᠶᠢ ᠠᠭᠤᠰᠤᠯᠴᠠᠭᠤᠯᠤᠭᠰᠠᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ | ᠳᠥᠴᠢᠨ ᠭᠤᠷᠪᠠᠳᠤᠭᠠᠷ ᠵᠤᠷᠪᠤᠰ ᠲᠤᠰ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠰᠡᠷᠭᠡᠶᠢᠯᠡᠬᠦ ᠬᠠᠤᠯᠢ︾ ᠵᠡᠷᠭᠡ ᠤᠯᠤᠰ ᠤᠨ | ᠬᠤᠯᠪᠣᠭᠳᠠᠯ ᠪᠦᠬᠦᠢ ᠬᠠᠤᠯᠢ ᠲᠦᠷᠢᠮ ᠳᠤ ᠨᠢᠭᠡᠨᠲᠡ ᠪᠣᠳᠠᠲᠠᠢ ᠰᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ | ᠲᠣᠭᠲᠠᠭᠠᠯ ᠤᠨ ᠲᠠᠭᠠᠤ ᠰᠢᠳᠬᠡᠨ᠎ᠡ᠃ | ᠳᠥᠴᠢᠨ ᠳᠥᠷᠪᠡᠳᠦᠭᠡᠷ ᠵᠤᠷᠪᠤᠰ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠳᠤᠮᠳᠠ ᠡᠬᠦᠷᠭᠡ ᠬᠠᠷᠢᠭᠤᠴᠠᠯᠭ᠎ᠠ ᠳᠠᠭᠠᠨ ᠤᠰᠤᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ | ᠰᠢᠳᠬᠡᠯ ᠤᠯᠭᠤᠨ᠎ᠠ᠃ ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠲᠠᠭᠠᠯᠳᠤᠭᠤᠯᠤᠯ ᠳᠦᠷᠢᠮ | ᠳᠥᠴᠢᠨ ᠲᠠᠪᠤᠳᠤᠭᠠᠷ ᠵᠤᠷᠪᠤᠰ ᠲᠤᠰ ᠳᠦᠷᠢᠮ ᠢ 2024 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |