ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠯᠦᠸᠧ ᠲᠦᠸᠧ ᠱᠠᠨ ᠪᠠᠯᠭᠠᠰᠤᠨ ᠳᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/12/7
 12 ᠰᠠᠷ᠎ᠠ ᠶᠢᠨ 5 ᠤ ᠡᠳᠦᠷ᠂  ᠬᠤᠰᠢᠭᠤ ᠨᠠᠮ ᠤᠨ ᠬᠤᠷᠢᠶᠠᠨ ᠤ  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠬᠢᠨ ᠯᠦᠸᠧ ᠲᠦᠸᠧ ᠱᠠᠨ ᠪᠠᠯᠭᠠᠰᠤᠨ ᠤ ᠬᠦᠨᠵᠡᠬᠡᠶᠢᠷᠡᠵᠦ᠂   ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ   ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠬᠢᠵᠡᠢ᠃ ᠮᠡᠳᠡᠭᠦᠯᠦᠯᠲᠡ ᠶᠢᠨ ᠬᠤᠷᠠᠯ   ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠦ᠋ ᠲᠤᠤ  ᠡᠷᠬᠢᠯᠡᠵᠦ᠂  ᠪᠠᠯᠭᠠᠰᠤᠨ ᠤ ᠺᠠᠳ᠋ᠷ ᠠᠵᠢᠯᠲᠠᠨ᠂  ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ ︵ᠡᠷᠬᠢᠯᠡᠭᠴᠢ ᠶᠢᠨ ᠲᠤᠰᠠᠯᠠᠭᠴᠢ︶᠂ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠨᠠᠷ ᠬᠤᠷᠠᠯ ᠳᠤ ᠣᠷᠣᠯᠴᠠᠪᠠ᠃  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠣᠪᠴᠢᠶᠠᠨ ᠤ ᠳᠠᠷᠤᠭ᠎ᠠ ᠳ᠋ᠤᠸᠠᠨ ᠯᠢ ᠨᠠ ᠠᠴᠠ  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ   ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾ ᠲᠤᠰᠬᠠᠢ ᠰᠡᠳᠦᠪ ᠢᠶᠠᠷ  ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠣᠨᠣᠪᠴᠢᠲᠠᠢ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠨᠠᠷᠢᠯᠢᠭ ᠪᠣᠳᠠᠲᠠᠢ ᠲᠡᠦᠬᠡ ᠶᠢᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠬᠦ ᠶᠢᠨ ᠬᠠᠮᠲᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠢ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠮᠡᠳᠡᠬᠦᠯᠦᠯᠳᠡ ᠳᠠᠭᠤᠰᠤᠭᠰᠠᠨ ᠤ ᠳᠠᠷᠠᠭ᠎ᠠ᠂   ᠳ᠋ᠤᠸᠠᠨ ᠯᠢ ᠨᠠ   ᠠᠴᠠ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ  ᠲᠣᠰᠬᠤᠨ ᠤ ᠨᠠᠮ ᠤᠨ ᠡᠭᠦᠷ ᠤᠨ ᠱᠦᠵᠢ ᠨᠠᠷ ᠲᠠᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠬᠡᠷᠬᠢᠨ ᠭᠦᠨᠵᠡᠭᠡᠢ ᠣᠶᠢᠯᠠᠭᠠᠬᠤ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠳ᠋ᠤᠸᠠᠨ ᠯᠢ ᠨᠠ ᠠᠴᠠ᠂  ᠡᠯ᠎ᠡ ᠲᠣᠰᠬᠤᠨ ᠤ ᠨᠠᠮ ᠤᠨ ᠡᠭᠦᠷ  ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂     ᠶᠠᠳᠠᠭᠤᠷᠠᠯ ᠢ ᠰᠡᠷᠭᠡᠶᠢᠯᠡᠬᠦ ᠲᠠᠭᠠᠳᠬᠠᠯ᠂ ᠨᠤᠷᠠᠬᠤ ᠠᠶᠤᠯᠲᠠᠢ ᠭᠡᠷ ᠪᠠᠶᠢᠰᠢᠩ ᠤᠨ ᠵᠠᠰᠠᠯᠳᠠ᠂  ᠵᠣᠷᠯᠣᠩ ᠤᠨ ᠦᠬᠡᠷᠡᠴᠢᠯᠡᠯᠳᠡ᠂  ᠠᠵᠢᠯ ᠣᠯᠭᠤᠯᠲᠠ᠂ ᠤᠰᠤ  ᠤᠮᠳᠠ ᠶᠢᠨ ᠬᠠᠩᠭᠠᠯᠭ᠎ᠠ᠂ ᠥᠨᠳᠥᠷ ᠨᠠᠰᠤᠨ ᠤ ᠨᠥᠬᠦᠪᠦᠷᠢ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠲᠦᠷᠦ ᠶᠢᠨ ᠪᠣᠳᠣᠯᠭ᠎ᠠ  ᠶᠢ ᠠᠷᠠᠳ ᠤᠯᠠᠨ ᠳᠤ ᠤᠶᠢᠯᠠᠭᠠᠮᠵᠢᠳᠠᠢ ᠰᠠᠶᠢᠬᠠᠨ ᠲᠠᠶᠢᠯᠪᠤᠷᠢᠯᠠᠵᠤ ᠤᠶᠢᠯᠠᠭᠠᠭᠤᠯᠬᠤ ᠬᠡᠷᠡᠭᠲᠡᠢ᠃ ᠤᠯᠠᠨ ᠲᠦᠮᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂  ᠤᠯᠠᠨ ᠲᠦᠮᠡᠨ ᠤ ︽ᠨᠠᠮ ᠤᠨ  ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ︾ ᠢᠲᠡᠭᠡᠯ ᠵᠣᠷᠢᠭ ᠢ ᠨᠢ ᠪᠠᠳᠤᠳᠬᠠᠨ᠂  ᠤᠬᠠᠭᠤᠯᠭ᠎ᠠ ᠬᠥᠮᠦᠵᠢᠯ ᠬᠢᠬᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠦᠨᠡᠨ ᠪᠤᠳᠠᠳᠠᠢ ᠦᠷ᠎ᠡ ᠨᠦᠯᠦᠭᠡ ᠶᠢ ᠪᠠᠳᠠᠷᠠᠭᠤᠯᠤᠨ᠂   ᠠᠵᠠ ᠵᠢᠷᠭᠠᠯᠠᠩᠳᠤ ᠭᠡᠷ ᠣᠷᠣᠨ ᠢ ᠬᠠᠮᠲᠤ ᠪᠠᠷ  ᠪᠠᠶᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号