12 ᠰᠠᠷ᠎ᠠ ᠶᠢᠨ 6 ᠤ ᠡᠳᠦᠷ᠂ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ ᠨᠢ 2023 ᠣᠨ ᠤ ᠬᠤᠷᠢᠨ ᠨᠢᠭᠡᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ | ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ | ᠤᠷᠤᠯᠴᠠᠵᠠᠢ᠃ ᠸᠠᠩ ᠹᠦ᠋ ᠯᠠᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ | ᠰᠤᠷᠤᠯᠴᠠᠭᠰᠠᠨ ᠤ ᠬᠠᠮᠳᠤ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠦᠰᠦᠪ ᠢ ᠰᠠᠶᠢᠲᠤᠷ | ᠨᠠᠶᠢᠳᠠᠪᠤᠷᠢᠵᠢᠭᠤᠯᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠶᠤᠰᠤᠭᠠᠷ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠤᠨ᠂ ︽ ᠬᠦᠴᠢᠷ | ᠠᠴᠠ ᠠᠶᠤᠬᠤ ᠦᠬᠡᠢ᠂ ᠴᠤᠴᠠᠯᠲᠠ ᠦᠭᠡᠢ ᠤᠷᠤᠭᠰᠢᠯᠠᠬᠤ᠂ ᠵᠤᠷᠢᠭᠰᠠᠨ ᠳᠠᠭᠠᠨ ᠵᠠᠪᠠᠯ ᠬᠦᠷᠬᠦ ︾ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠭᠡᠷᠡᠭᠳᠡᠢ ᠬᠡᠵᠦ ᠱᠠᠭᠠᠷᠳᠠᠪᠠ᠃ ᠯᠢᠦ ᡁᠢ ᠴᠢᠶᠠᠩ᠂ ᠶᠠᠩ ᠰᠢᠶᠣᠣ | ᠬᠤᠢ ᠠᠴᠠ ᠲᠤᠰᠪᠤᠷᠢ ︽ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠲᠤᠰᠬᠠᠢ ᠡᠮᠬᠢᠳᠭᠡᠯ︾ ᠤᠨ ᠠᠷᠪᠠᠨ ᠨᠢᠭᠡᠳᠦᠭᠡᠷ ᠪᠦᠯᠦᠭ ᠂ ᠠᠷᠪᠠᠨ ᠬᠤᠶᠠᠳᠤᠭᠠᠷ ᠪᠦᠯᠦᠭ ᠢ | ᠳᠠᠭᠠᠭᠤᠯᠤᠨ ᠰᠤᠷᠤᠯᠴᠠᠵᠠᠢ᠃ ᠦᠳᠡ ᠶᠢᠨ ᠬᠤᠶᠢᠨ᠎ᠠ ᠨᠢ ᠪᠤᠤᠴᠠᠩ ᠪᠠᠯᠭᠠᠰᠤᠨ ᠤ ᠬᠢᠨ ᠪᠠᠰᠠ ︽ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠬᠤ︾ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠠᠴᠠ ᠲᠤᠰᠬᠠᠢ ᠰᠡᠳᠦᠪ ᠤᠨ ᠲᠣᠭᠤᠷᠢᠨ ᠳᠤ | ᠪᠦᠬᠦ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ | ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠠᠶᠢᠨ᠎ᠠ᠃ |