ᠲᠠᠶᠢᠹᠤᠰᠧ ᠬᠤᠰᠢᠭᠤ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2023/2/1
  ᠦᠩᠬᠡᠷᠡᠬᠦ ᠵᠢᠯ ᠳᠤ᠂ ᠲᠠᠶᠢᠹᠤᠰᠧ ᠬᠤᠰᠢᠭᠤ ᠲᠥᠷᠥᠯ ᠵᠦᠢᠯ ᠢᠶᠠᠷ ᠳᠠᠶᠢᠴᠢᠯᠠᠬᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠳᠣᠪᠤᠶᠢᠯᠭᠠᠵᠤ᠂ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ ᠭᠤᠣᠯᠳᠠᠯᠭ᠎ᠠ ᠲᠠᠢ ᠲᠥᠷᠥᠯ ᠵᠦᠢᠯ 83 ᠶᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 69.8 ᠳ᠋ᠦᠩᠰᠢᠭᠤᠷ ᠲᠥᠭᠦᠷᠢᠭ ᠲᠤ ᠬᠥᠷᠪᠡ᠃ 3 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠾᠦᠩ ᠯᠢ  ᠠᠯᠮᠠᠰ ᠴᠢᠯᠠᠭᠤᠨ ᠤ ᠰᠢᠬᠠᠭᠤᠷ ᠮᠠᠰᠢᠨ ᠦᠢᠯᠡᠳᠬᠦ ᠲᠥᠷᠥᠯ ᠵᠦᠢᠯ ᠠᠰᠢᠭᠯᠠᠯᠲᠠ ᠳᠤ ᠣᠷᠣᠵᠤ᠂ 40 ᠰᠠᠶ᠎ᠠ ᠸᠠᠲ ᠤᠨ ᠳᠠᠷᠬᠠᠶ ᠮᠠᠶ᠋ᠢᠭ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠲᠣᠣᠷ ᠨᠡᠶᠢᠯᠡᠭᠦᠯᠬᠦ ᠨᠥᠬᠦᠴᠡᠯ ᠢ ᠪᠦᠷᠢᠳᠦᠬᠦᠯᠦᠨ᠂ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠭᠤᠣᠯ ᠴᠣᠭᠴᠠ ᠶᠢ ᠦᠨᠳᠦᠰᠦᠨ ᠳᠡᠭᠡᠨ  ᠲᠠᠭᠤᠰᠬᠠᠨ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠺᠠᠩ ᠳ᠋ᠠ ᠥᠨᠳᠥᠷ ᠴᠢᠳᠠᠪᠬᠢᠲᠤ ᠰᠢᠯ ᠰᠢᠷᠬᠡᠭ ᠤᠨ ᠪᠦᠲᠦᠭᠡᠭᠳᠡᠬᠦᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠦ᠂  ᠰᠧᠨ ᠴᠢᠶᠠ ᠠᠮᠢᠳᠤ ᠪᠣᠳᠠᠰ ᠤᠨ ᠬᠠᠲᠠᠭᠤ ᠲᠥᠯᠥᠪᠲᠦ ᠲᠦᠯᠡᠰᠢ ᠵᠢᠴᠢ ᠲᠥᠬᠦᠷᠵᠢᠭᠦᠯᠦᠭᠰᠡᠨ ᠪᠣᠷᠳᠤᠭ᠎ᠠ ᠡᠳ᠋ᠰᠢᠭᠦᠯᠬᠦ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ᠂ ᠵᠦᠩ ᠺᠧ ᠰᠠᠨ ᠵᠧᠩ ᠭᠠᠯ ᠤᠨᠲᠠᠷᠠᠭᠠᠬᠤ ᠲᠥᠬᠦᠭᠡᠷᠦᠮᠵᠢ ᠦᠶᠯᠡᠳᠬᠦ ᠵᠡᠷᠭᠡ ᠲᠥᠷᠥᠯ ᠵᠦᠢᠯ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠵᠡᠢ᠃ ᠲᠠᠩ ᠾᠧ ᠬᠢᠮᠡᠯ ᠠᠯᠮᠠᠰ᠂ ᠲᠠᠯ᠎ᠠ ᠨᠤᠲᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ᠂ ᠪᠠᠢ ᠬᠤᠶ ᠱᠧᠩ  ᠰᠢᠬᠢᠷ ᠤᠨ ᠦᠢᠯᠡᠳᠪᠦᠷᠢ᠂ ᠱᠧᠩ ᠲᠠᠢ ᠡᠯ ᠡᠮ ᠤᠨ ᠦᠢᠯᠡᠳᠪᠦᠷᠢ᠂ ᠺᠧ ᠲᠠᠢ ᠯᠦᠩ ᠳ᠋ᠡ᠂ ᠴᠠᠭᠠᠰᠤᠨ ᠰᠦᠯᠢᠶᠥᠦ ᠪᠦᠲᠦᠭᠡᠭᠳᠡᠬᠦᠨ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠢ ᠲᠡᠳᠬᠦᠵᠦ᠂ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠨ᠂  ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠪᠡ᠃ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠳᠠ ᠦᠨᠳᠦᠰᠦᠨ ᠳᠡᠭᠡᠨ ᠲᠠᠭᠤᠰᠴᠤ ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠰᠢᠭᠯᠠᠯᠲᠠ ᠳᠤ ᠤᠷᠤᠭᠰᠠᠨ ᠪᠦᠭᠡᠳ  ᠳᠤᠮᠳᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠵᠠᠮ ᠠᠰᠢᠭᠯᠠᠯᠲᠠ ᠳᠤ  ᠤᠷᠤᠵᠤ᠂ ᠠᠵᠤ ᠦᠢᠯᠡᠳᠪᠦᠷᠢ ᠶᠢᠨ ᠬᠦᠷᠢᠶᠡᠯᠡᠩ   ᠤᠨ ᠨᠤᠭᠤᠭᠠᠷᠠᠭᠤᠯᠤᠯᠳᠠ᠂ ᠭᠡᠷᠡᠯᠳᠦᠬᠦᠯᠭᠡ ᠶᠢᠨ  ᠰᠠᠭᠤᠷᠢ ᠲᠥᠬᠦᠭᠡᠷᠦᠮᠵᠢ ᠤᠯᠠᠮ ᠨᠢᠭᠡ ᠠᠯᠬᠤᠮ  ᠲᠡᠬᠦᠯᠳᠡᠷᠵᠢᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号