ᠴᠠᠬᠢᠯᠭᠠᠨ ᠬᠠᠩᠭᠠᠬᠤ ᠺᠣᠮᠫᠠᠨᠢ ᠵᠠᠩ ᠳᠠᠳᠬᠠᠯ  ᠢ ᠥᠭᠡᠷᠡᠴᠢᠯᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/2/1
   ᠣᠶᠢᠷ᠎ᠠ ᠳᠤ᠂ ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠨᠠᠮ ᠤᠨ ᠭᠡᠰᠢᠭᠦᠨ ᠰᠠᠶᠢᠨ ᠲᠤᠷᠠᠳᠠᠳ ᠢ ᠵᠣᠬᠢᠶᠠᠨ ᠪᠠᠶᠢᠭᠤᠯᠵᠤ ᠯᠥᠸᠧ ᠲᠦᠸᠧ ᠱᠠᠨ ᠪᠠᠯᠭᠠᠰᠤᠨ ᠤ ᠯᠥᠸᠧ ᠲᠦᠸᠧ ᠱᠠᠨ ᠲᠣᠰᠬᠤᠨ ᠳᠤ ᠭᠦᠨᠵᠡᠭᠡᠶᠢᠷᠡᠨ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠳᠠᠳ ᠤᠬᠠᠭᠤᠯᠭ᠎ᠠ ᠶᠢᠨ ᠬᠠᠭᠤᠳᠠᠰᠤ᠂  ᠤᠷᠢᠶᠠᠯᠠᠭ᠎ᠠ ᠶᠢᠨ ᠪᠢᠴᠢᠭ ᠲᠠᠷᠬᠠᠭᠠᠬᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠵᠠᠩ ᠳᠠᠳᠬᠠᠯ ᠢ ᠥᠭᠡᠷᠡᠴᠢᠯᠡᠬᠦ ᠶᠢᠨ ᠤᠳᠬ᠎ᠠ ᠠᠭᠤᠯᠭ᠎ᠠ ᠶᠢ ᠲᠣᠳᠣᠷᠬᠠᠢ ᠶᠠᠷᠢᠵᠤ ᠲᠠᠶᠢᠯᠪᠤᠷᠢᠯᠠᠨ᠂ ᠪᠣᠯᠪᠠᠰᠤᠨ ᠰᠢᠨ᠎ᠡ ᠰᠤᠷᠲᠠᠯ ᠤᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠲᠣᠰᠬᠤᠨ ᠤ ᠠᠷᠠᠳ ᠢ ᠢᠳᠡᠪᠬᠢᠲᠡᠢ ᠡᠷᠡᠭᠦᠯ ᠪᠤᠯᠪᠠᠰᠤᠨ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠪᠣᠯᠣᠨ ᠨᠡᠶᠢᠭᠡᠮ ᠤᠨ ᠬᠡᠪ ᠰᠤᠷᠲᠠᠯ ᠲᠠᠢ ᠪᠠᠶᠢᠬᠤ ᠶᠢ ᠤᠷᠢᠶᠠᠯᠠᠨ᠂ ᠵᠠᠩ ᠳᠠᠳᠬᠠᠯ ᠢ ᠥᠭᠡᠷᠡᠴᠢᠯᠡᠬᠦ  ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠬᠥᠮᠥᠰ ᠢᠶᠠᠨ ᠳᠠᠶᠢᠴᠢᠯᠠᠨ ᠣᠷᠣᠯᠴᠠᠭᠤᠯᠵᠤ᠂ ︽ ᠤᠯᠠᠭᠠᠨ ᠤ ᠶᠠᠪᠤᠳᠠᠯ ᠢ ᠰᠢᠨ᠎ᠡ ᠮᠠᠶ᠋ᠢᠭ ᠢᠶᠠᠷ ᠬᠢᠬᠦ᠂ ᠴᠠᠭᠠᠨ ᠤ ᠶᠠᠪᠤᠳᠠᠯ ᠢ ᠳᠥᠭᠦᠮᠴᠢᠯᠡᠨ ᠬᠢᠬᠦ᠂ ᠪᠤᠰᠤᠳ ᠶᠠᠪᠤᠳᠠᠯ ᠢ ᠥᠯᠥ ᠬᠢᠬᠦ︾ ᠰᠢᠨ᠎ᠡ ᠬᠡᠪ ᠰᠤᠷᠲᠠᠯ ᠢ ᠤᠬᠠᠮᠰᠠᠷ ᠠᠴᠠ ᠪᠠᠨ ᠵᠢᠷᠤᠮᠯᠠᠬᠤ ᠭᠡᠷᠡᠭᠳᠡᠢ ᠬᠡᠵᠦ ᠰᠠᠨᠠᠭᠠᠴᠢᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠨᠠᠩ ᠣᠯᠠᠨ ᠲᠣᠰᠬᠤᠨ ᠤ ᠠᠷᠠᠳ ᠢ ᠤᠷᠤᠯᠴᠠᠭᠤᠯᠤᠨ᠂ ᠰᠢᠯᠢᠳᠡᠭ ᠤᠯᠠᠮᠵᠢᠯᠠᠯᠲᠤ ᠰᠣᠶᠣᠯ᠂ ᠡᠷᠡᠭᠦᠯ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠲᠦᠭ ᠲᠦᠮᠡᠨ ᠠᠶᠢᠯ ᠡᠷᠦᠬᠡ ᠳᠤ  ᠲᠡᠯᠬᠡᠷᠡᠬᠦᠯᠵᠦ᠂ ᠠᠷᠪᠢᠴᠢ ᠭᠠᠮᠲᠠᠢ᠂ ᠡᠷᠡᠬᠦᠯ ᠪᠣᠯᠪᠠᠰᠤᠨ᠂ ᠰᠢᠨᠵᠢᠯᠡᠬᠦ ᠤᠬᠠᠭᠠᠨᠴᠢ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ ᠢ ᠪᠣᠶ ᠪᠣᠯᠭᠠᠬᠤ ᠪᠠᠷ ᠪᠠᠶᠢᠨ᠎ᠠ᠃  ᠰᠠᠶᠢᠨ ᠲᠤᠷᠠᠳᠠᠳ ᠪᠠᠰᠠ ᠲᠣᠰᠬᠤᠨ ᠤ ᠠᠷᠠᠳ ᠤᠨ   ᠴᠠᠬᠢᠯᠭᠠᠨ ᠲᠥᠬᠦᠭᠡᠷᠦᠮᠵᠢ ᠶᠢᠨ ᠪᠠᠶᠢᠳᠠᠯ ᠢ ᠪᠠᠶᠢᠴᠠᠭᠠᠵᠤ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢ ᠤᠬᠠᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号