ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠠᠳᠤᠯᠠᠨ᠎ᠠ᠃ ᠲᠥᠷᠥᠯ ᠵᠦᠢᠯ ᠤᠨ | ᠲᠣᠬᠢᠷᠠᠭᠤᠯᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ | ᠵᠦᠢᠯ ᠤᠨ ᠥᠮᠴᠢᠲᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠰᠧᠨ ᠴᠢᠶᠠ ᠠᠮᠢᠳᠤ ᠪᠣᠳᠠᠰ ᠤᠨ | ᠮᠠᠰ ᠤᠨ ᠬᠠᠲᠠᠭᠤ ᠲᠥᠯᠥᠪᠲᠦ ᠲᠦᠯᠡᠰᠢ ᠵᠢᠴᠢ ᠢᠵᠢ ᠪᠦᠷᠢᠳᠦᠭᠦᠯᠬᠦ ᠪᠣᠷᠳᠤᠭ᠎ᠠ ᠡᠳ᠋ᠰᠢᠭᠦᠯᠬᠦ᠂ ᠺᠧ ᠲᠠᠢ ᠯᠦᠩ | ᠳ᠋ᠠ ᠶᠢᠨ ᠬᠤᠶᠠᠳᠤᠭᠠᠷ ᠬᠤᠭᠤᠴᠠᠭ᠎ᠠ᠂ ᠵᠦᠩ ᠺᠧ ᠰᠠᠨ ᠵᠧᠩ ᠭᠠᠯ ᠤᠨᠲᠠᠷᠠᠭᠠᠬᠤ ᠲᠥᠬᠦᠭᠡᠷᠦᠮᠵᠢ ᠦᠶᠯᠡᠳᠬᠦ᠂ | ᠱᠧᠨ ᠨᠧᠩ ᠤᠨ ᠬᠤᠶᠠᠳᠤᠭᠠᠷ ᠬᠤᠭᠤᠴᠠᠭ᠎ᠠ ᠵᠡᠷᠭᠡ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ | ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠳᠡᠭᠡᠷ᠎ᠡ ᠬᠠᠭᠠᠰ ᠵᠢᠯ ᠳᠤ ᠲᠠᠭᠤᠰᠬᠠᠨ᠂ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠵᠦ᠂ ᠴᠢᠩᠳᠣᠣ ᠶᠢᠨ | ᠶᠤᠸᠠᠢ ᠱᠢ᠂ ᠱᠠᠨᠳᠦ᠋ᠩ ᠤᠨ ᠵᠢᠶᠦ᠋ᠨ ᠷᠦᠢ ᠵᠡᠷᠭᠡ ᠠᠵᠤ ᠠᠬᠤᠶᠢᠯᠠᠯ ᠤᠨ ᠬᠦᠷᠢᠶᠡᠯᠡᠩ ᠳᠤ ᠣᠷᠣᠬᠤ ᠶᠢ | ᠢᠳᠡᠪᠬᠢᠲᠡᠢ ᠠᠬᠢᠭᠤᠯᠤᠨ᠎ᠠ᠃ ᠶᠢᠨ ᠹᠧᠩ ᠰᠢᠨᠵᠢᠯᠡᠭᠡ ᠮᠡᠷᠭᠡᠵᠢᠯ ᠤᠨ ᠪᠣᠬᠢᠷᠳᠤᠯ ᠦᠭᠡᠢ ᠴᠠᠬᠢᠯᠭᠠᠨ ᠤ | ᠬᠦᠷᠢᠶᠡᠯᠡᠩ ᠤᠨ ᠲᠥᠷᠥᠯ ᠵᠦᠢᠯ ᠢ 4 ᠰᠠᠷ᠎ᠠ ᠳᠤ ᠠᠵᠢᠯ ᠡᠬᠢᠯᠡᠬᠦᠯᠵᠦ ᠲᠣᠰ ᠵᠢᠯ ᠳᠡᠭᠡᠨ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠎ᠠ᠃ ᠺᠠᠢ ᠳ᠋ᠠ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠨᠠᠷᠢᠯᠢᠭ ᠨᠠᠷᠢᠯᠢᠭ | ᠡᠳ᠋ᠰᠢᠭᠦᠯᠬᠦ ᠲᠥᠷᠥᠯ ᠵᠦᠢᠯ᠂ ᠾᠧᠪᠧᠢ ᠶᠢᠨ ᠯᠠᠨ ᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠮ | ᠡᠳ᠋ᠰᠢᠭᠦᠯᠬᠦ ᠲᠥᠷᠥᠯ ᠵᠦᠢᠯ ᠪᠠ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠬᠦ ᠶᠢ ᠪᠥᠬᠦ ᠬᠦᠴᠦᠨ ᠢᠶᠠᠷ ᠪᠠᠲᠤᠯᠠᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠯᠠ ᠦᠵᠡᠵᠦ | ᠬᠠᠯᠠᠭᠤᠨ ᠴᠢᠯᠠᠭᠤ ᠳᠣᠯᠢᠶᠠᠬᠤ ᠰᠥᠰᠥ ᠵᠣᠷᠢᠭ ᠢ ᠡᠪᠦᠷᠯᠡᠨ᠂ ︽ᠡᠨᠡ ᠵᠢᠯ ᠤᠨ ᠬᠢ ᠪᠠᠨ ᠪᠡᠶᠡᠯᠡᠬᠦᠯᠵᠦ᠂ ᠢᠷᠡᠬᠦ | ᠵᠢᠯ ᠤᠨ ᠬᠢ ᠪᠠᠨ ᠪᠡᠯᠡᠳᠬᠡᠵᠦ᠂ ᠭᠤᠷᠪᠠᠨ ᠵᠢᠯ ᠢ ᠪᠠᠷᠠᠯᠠᠵᠤ᠂ ᠲᠠᠪᠤᠨ ᠵᠢᠯ ᠢ ᠪᠣᠳᠣᠯᠬᠢᠯᠠᠬᠤ︾ ᠰᠡᠳᠬᠢᠴᠡ ᠪᠠᠷ᠂ | ᠨᠢᠭᠡ ᠪᠦᠯᠦᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠪᠣᠯᠪᠠᠰᠤᠷᠠᠭᠤᠯᠤᠯᠲᠠ᠂ | ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠡᠨᠧᠷᠭᠢ ᠶᠢᠨ ᠲᠣᠨᠣᠭᠯᠠᠯ ᠤᠭᠰᠠᠷᠠᠬᠤ᠂ | ᠰᠢᠨ᠎ᠡ ᠮᠠᠲ᠋ᠧᠷᠢᠶᠠᠯ ᠦᠢᠯᠡᠳᠬᠦ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠭᠦᠨᠵᠡᠭᠡᠢ ᠲᠥᠯᠥᠪᠯᠡᠵᠦ᠂ | ᠨᠢᠭᠡ ᠪᠦᠯᠦᠭ ᠰᠠᠭᠤᠷᠢ ᠲᠠᠢ᠂ ᠳᠠᠯᠳᠠ ᠬᠦᠴᠦᠨ ᠲᠠᠢ᠂ ᠨᠤᠳᠤᠭᠰᠢᠵᠤ ᠳᠡᠶᠢᠯᠬᠦ ᠠᠵᠤ ᠦᠢᠯᠡᠰ ᠤᠨ ᠲᠦᠷᠦᠯ | ᠵᠦᠢᠯ ᠢ ᠣᠷᠣᠭᠤᠯᠤᠨ ᠠᠪᠴᠢᠷᠠᠬᠤ ᠬᠡᠷᠡᠭᠲᠡᠢ᠃ ᠵᠢᠯ ᠤᠨ ᠳᠣᠲᠣᠷ᠎ᠠ 9 ᠠᠴᠠ ᠳᠡᠭᠡᠭᠰᠢ ᠭᠤᠣᠯᠳᠠᠯᠭ᠎ᠠ ᠲᠠᠢ | ᠲᠥᠷᠥᠯ ᠵᠦᠢᠯ ᠢ ᠭᠡᠷ᠎ᠡ ᠲᠣᠭᠲᠠᠨ ᠨᠤᠳᠤᠭᠰᠢᠭᠤᠯᠵᠤ ᠂ 15 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠦᠨ᠎ᠡ᠃ ᠭᠤᠤᠯ ᠬᠦᠴᠦᠨ | ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠲᠥᠪᠯᠡᠷᠡᠭᠦᠯᠦᠨ ᠲᠤᠰᠢᠶᠠᠵᠤ ᠬᠦᠢᠴᠡᠳᠯᠭᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠵᠦ᠂ ︽ᠲᠠᠪᠤᠨ ᠦᠭᠡᠢ︾ ᠭᠠᠵᠠᠷ ᠰᠢᠷᠣᠢ ᠶᠢ ᠴᠡᠪᠡᠷᠯᠡᠬᠦ | ᠪᠠᠨ ᠲᠦᠷᠭᠡᠳᠬᠡᠨ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠴᠢᠩᠭᠠᠳᠬᠠᠵᠤ᠂ | ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠠᠲᠤᠯᠠᠨ᠎ᠠ᠃ ᠲᠥᠷᠥᠯ ᠵᠦᠢᠯ ᠤᠨ | ᠪᠠᠶᠢᠭᠤᠯᠤᠯᠲᠠ ᠶᠢᠨ ︽ᠲᠠᠪᠤᠨ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ | ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠰᠢᠯᠭᠠᠨ ᠠᠪᠬᠤ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠥᠷᠥᠯ ᠵᠦᠢᠯ ᠤᠨ ᠬᠠᠮᠢᠶᠠᠷᠤᠯᠲᠠ ᠡᠮᠬᠢ | ᠵᠢᠷᠤᠮ ᠲᠠᠢ᠂ ᠦᠢᠯᠡᠴᠢᠯᠡᠭᠡᠨ ᠤ ᠪᠠᠲᠤᠯᠠᠭ᠎ᠠ ᠡᠷᠴᠢ ᠬᠦᠴᠦᠲᠡᠢ ᠪᠠᠶᠢᠬᠤ ᠶᠢ ᠦᠨᠡᠨᠬᠦ ᠪᠠᠲᠤᠯᠠᠨ᠎ᠠ᠃ | ᠠᠵᠤ ᠠᠬᠤᠶᠢᠯᠠᠯ ᠢ ᠲᠡᠳᠬᠦᠵᠦ ᠬᠦᠭᠵᠢᠬᠦᠯᠬᠦ ᠪᠠᠨ ᠴᠢᠩᠭᠠᠳᠬᠠᠨ᠎ᠠ᠃ ᠠᠵᠤ ᠠᠬᠤᠶᠢᠯᠠᠯ ᠳᠤ ᠠᠰᠢᠭ | ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠠᠵᠤ ᠠᠬᠤᠶᠢᠯᠠᠯ ᠢ ᠪᠠᠶᠢᠴᠠᠭᠠᠨ ᠰᠤᠷᠪᠤᠯᠵᠢᠯᠠᠵᠤ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠦᠷᠨᠢᠬᠦᠯᠦᠨ᠂ | ᠭᠠᠶᠢᠯᠢ ᠶᠢ ᠬᠥᠩᠭᠡᠯᠡᠬᠦ᠂ ᠭᠠᠶᠢᠯᠢ ᠶᠢ ᠬᠤᠶᠢᠰᠢᠯᠠᠭᠤᠯᠬᠤ᠂ ᠭᠠᠶᠢᠯᠢ ᠶᠢ ᠪᠤᠴᠠᠭᠠᠬᠤ ᠵᠡᠷᠭᠡ ᠠᠵᠢᠯ ᠢ ᠦᠷᠭᠦᠯᠵᠢᠯᠡᠨ | ᠠᠬᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ︽ᠬᠤᠪᠢ ᠶᠢᠨ ᠡᠵᠡᠩᠨᠡᠭᠴᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ | ᠵᠢᠵᠢᠭ ᠠᠵᠤ ᠠᠬᠤᠶᠢᠯᠠᠯ ᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠪᠤᠯᠭᠠᠨ ᠲᠡᠰ ᠳᠡᠪᠰᠢᠭᠦᠯᠬᠦ︾ ᠶᠢ | ᠰᠠᠶᠢᠲᠤᠷ ᠠᠳᠬᠤᠵᠤ᠂ ᠨᠢᠭᠡ ᠪᠦᠯᠦᠭ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ | ᠠᠵᠤ ᠦᠢᠯᠡᠰ ᠢ ᠭᠤᠣᠯᠳᠠᠯᠭ᠎ᠠ ᠲᠠᠢ ᠲᠡᠳᠬᠦᠨ ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ 1 ᠡᠷᠦᠭᠡ᠂ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 2 ᠡᠷᠦᠭᠡ ᠶᠢ ᠪᠤᠶᠢᠵᠢᠭᠤᠯᠵᠤ᠂ ᠠᠵᠤ | ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢ ᠡᠷᠡᠰ | ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | |