2023 ᠤᠨ ᠳᠤ ᠲᠠᠶᠢᠹᠤᠰᠧ  ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/2/10
 ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠦᠨ᠎ᠡ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠪᠰᠤᠷᠤᠯᠭ᠎ᠠ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠤᠨ ᠲᠤᠮᠳᠠ ᠠᠴᠠ ᠲᠤᠷᠰᠢᠯᠭ᠎ᠠ ᠶᠢ ᠳ᠋ᠦᠩᠨᠡᠨ᠂  ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠢᠯᠯᠠᠬᠤ ᠠᠩᠭᠢ ᠶᠢ ᠦᠨᠡᠨ ᠬᠦ ᠭᠠᠴᠠᠭ᠎ᠠ ᠲᠣᠰᠬᠤᠨ ᠳᠤ  ᠬᠦᠨᠵᠡᠬᠡᠶᠢᠷᠡᠬᠦᠯᠦᠨ᠂ ᠦᠢᠯᠡᠳᠪᠦᠷᠢᠯᠡᠯ  ᠢ ᠬᠦᠭᠵᠢᠬᠦᠯᠬᠦ ︽ ᠬᠠᠪᠰᠤᠷᠤᠭᠴᠢ︾ ᠪᠦᠬᠡᠳ  ᠵᠠᠩ ᠳᠠᠳᠬᠠᠯ  ᠢ ᠦᠬᠡᠷᠡᠴᠢᠯᠡᠬᠦ ︽ ᠵᠢᠯᠤᠭᠤᠳᠤᠭᠴᠢ︾ ᠪᠤᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠡᠪᠡᠷ ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠬᠤᠪᠢ ᠬᠤᠷᠠᠮᠳᠤᠭᠤᠯᠬᠤ ᠳᠦᠷᠢᠮ︾ ︽ᠨᠠᠷᠢᠨ ᠲᠠᠩᠰᠠ ᠶᠢᠨ ᠳᠦᠷᠢᠮ︾ ᠤᠨ ᠵᠠᠰᠠᠯᠳᠠ ᠶᠢᠨ  ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ︽ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ︾᠂ ︽ᠰᠦᠯᠢᠶᠤᠤ ᠪᠦᠷᠬᠦᠪᠴᠢ ᠶᠢ  ᠴᠡᠪᠡᠷᠯᠡᠬᠦ︾᠂ ︽ᠮᠠᠯ ᠵᠢᠭᠦᠷᠲᠡᠨ ᠤ ᠢᠯᠭᠠᠳᠠᠰᠤ ᠶᠢ ᠲᠠᠷᠢᠶᠠᠨ ᠭᠠᠵᠠᠷ  ᠲᠤᠨᠢ ᠭᠡᠷᠡᠭᠯᠡᠬᠦ︾ ᠪᠠᠷ ᠭᠤᠣᠯ ᠠᠭᠤᠯᠭ᠎ᠠ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠶᠡᠬᠡᠪᠡᠷ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ ᠴᠡᠭᠴᠡᠯᠡᠬᠦ ᠵᠡᠷᠭᠡ ᠢᠨᠵᠧᠨᠧᠷᠢᠩ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂  ᠤᠯᠠᠨ ᠲᠠᠯᠠᠵᠢᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠂  ᠴᠡᠪᠡᠷᠯᠡᠭᠡ ᠶᠢᠨ ᠠᠵᠢᠯᠳᠠᠨ ᠵᠡᠷᠭᠡ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂  ᠬᠦᠳᠡᠭᠡ ᠲᠤᠰᠬᠤᠨ ᠤ ᠣᠷᠴᠢᠨ ᠲᠣᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ᠃  ᠣᠷᠣᠨ ᠤ ᠲᠠᠰ ᠤᠨ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ 19᠂  ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 10᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠭᠤᠣᠯᠳᠠᠯᠭ᠎ᠠ ᠲᠠᠢ ᠭᠠᠴᠠᠭ᠎ᠠ ᠲᠣᠰᠬᠤᠨ 8᠂   ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5  ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃      ᠠᠵᠤ ᠦᠢᠯᠡᠰ ᠤᠨ ᠬᠥᠭᠵᠢᠯᠲᠡ ᠶᠢᠨ ᠠᠯᠬᠤᠭ᠎ᠠ ᠶᠢ ᠪᠥᠬᠦ ᠬᠦᠴᠦᠨ ᠢᠶᠠᠷ ᠲᠦᠷᠭᠡᠳᠭᠡᠨ᠎ᠡ  ᠃  ︽ᠲᠣᠮᠣ ᠰᠠᠭᠤᠷᠢᠨ ᠭᠠᠵᠠᠷ︾ ᠤᠨ ᠪᠠᠶᠢᠭᠤᠯᠤᠯᠲᠠ  ᠶᠢ ᠠᠬᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠯ ᠳᠤ ᠲᠦᠰᠢᠭᠯᠡᠨ᠂ ᠪᠡᠯᠡ ᠮᠥᠩᠭᠦ ᠶᠢᠨ ᠨᠥᠬᠦᠪᠦᠷᠢ᠂ ᠮᠡᠷᠭᠡᠵᠢᠯ ᠤᠨ ᠵᠢᠯᠣᠭᠤᠳᠤᠯᠭ᠎ᠠ᠂ ᠵᠠᠬᠢᠶᠠᠯᠠᠭ᠎ᠠ ᠶᠢᠨ ᠪᠣᠷᠤᠯᠠᠭᠤᠯᠭ᠎ᠠ ᠵᠡᠷᠭᠡ ᠬᠡᠯᠪᠡᠷᠢ ᠪᠠᠷ ᠲᠠᠮᠵᠢᠭᠠᠳ᠂ ᠲᠥᠮᠥᠰᠥ᠂ ᠰᠢᠬᠢᠷ ᠯᠤᠤᠪᠠᠩ᠂ ᠲᠣᠰᠣᠯᠢᠭ ᠲᠠᠷᠢᠮᠠᠯ ᠵᠡᠷᠭᠡ ᠳᠠᠪᠠᠭᠤᠯᠢᠭ ᠣᠨᠴᠠᠯᠢᠭᠲᠤ  ᠲᠠᠷᠢᠮᠠᠯ ᠤᠨ ᠲᠠᠯᠠᠪᠠᠢ ᠶᠢ ᠲᠣᠭᠲᠠᠭᠤᠨ ᠢᠶᠠᠷ ᠥᠷᠭᠡᠳᠬᠡᠵᠦ᠂ ᠲᠥᠮᠥᠰᠥ᠂ ᠰᠢᠬᠢᠷ ᠯᠤᠤᠪᠠᠩ᠂  ᠮᠠᠭᠠᠵᠢ  ᠵᠡᠷᠭᠡ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ  ᠲᠤᠰᠪᠤᠷᠢ 1 ᠶᠢ ᠪᠠᠶᠢᠭᠤᠯᠤᠨ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ  2 ᠲᠦᠮᠡᠨ ᠮᠤ᠋ ᠶᠢ ᠰᠢᠨ᠎ᠡ ᠪᠠᠷ ᠪᠠᠶᠢᠭᠤᠯᠵᠤ᠂ ᠤᠯᠤᠰ ᠤᠨ ᠲᠣᠭᠠᠵᠢᠭᠤᠯᠤᠭᠰᠠᠨ ᠲᠠᠷᠢᠮᠠᠯ   ᠤᠨ ᠦᠢᠯᠡᠰ   ᠤᠨ ᠰᠢᠨ᠎ᠡ ᠶᠢ ᠡᠭᠦᠳᠬᠦ ᠬᠡᠷᠡᠭᠯᠡᠭᠡᠨ   ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠭᠦᠯᠦᠨ  ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠤ ᠦᠶ᠎ᠡ ᠶᠢᠨ ᠲᠠᠷᠢᠶᠠᠯᠠᠩ   ᠤᠨ ᠠᠵᠤ ᠦᠢᠯᠡᠰ ᠤᠨ ᠬᠦᠷᠢᠶᠡᠯᠡᠩ ᠪᠣᠯᠣᠨ ᠤᠳᠤ ᠦᠶ᠎ᠡ ᠶᠢᠨ ᠲᠠᠷᠢᠶᠠᠯᠠᠩ   ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠲᠡᠰ ᠤᠨ  ᠤᠳᠤ ᠦᠶ᠎ᠡ ᠶᠢᠨ ᠲᠠᠷᠢᠶᠠᠯᠠᠩ   ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ  ᠃ ᠴᠢᠨᠠᠷ ᠰᠠᠶᠢᠲᠠᠢ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠤᠷᠤᠭᠤᠯᠬᠤ ᠡᠷᠴᠢᠮ ᠢ ᠴᠢᠩᠭᠠᠷᠠᠭᠤᠯᠤᠨ᠂ 2000 ᠲᠤᠯᠤᠭᠠᠢ ᠮᠢᠬᠠᠨ ᠤ ᠦᠬᠡᠷ ᠬᠡᠪᠴᠢᠶᠡᠵᠢᠭᠦᠯᠦᠨ ᠪᠤᠷᠳᠤᠬᠤ ᠮᠠᠯᠵᠢᠯ ᠤᠨ ᠲᠠᠯᠠᠪᠠᠶ ᠶᠢ ᠡᠵᠡᠩᠨᠡᠯᠲᠡ ᠳᠤ ᠣᠷᠣᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ ᠭᠤᠤᠯᠯᠠᠭᠴᠢ ᠰᠦᠷᠦᠭ 3᠂  ᠵᠠᠭᠤᠨ ᠦᠬᠡᠷ ᠠᠴᠠ ᠳᠡᠭᠡᠭᠰᠢ ᠬᠡᠪᠴᠢᠶᠡᠵᠢᠭᠦᠯᠦᠨ ᠪᠤᠷᠳᠤᠬᠤ ᠮᠠᠯᠵᠢᠯ  ᠤᠨ ᠲᠠᠯᠠᠪᠠᠶ 20 ᠶᠢ ᠪᠠᠶᠢᠭᠤᠯᠤᠨ  ᠂ 18 ᠭᠠᠵᠠᠷ ᠲᠤ ᠬᠠᠰᠢᠶᠠᠯᠠᠨ ᠲᠡᠵᠢᠭᠡᠬᠦ  ᠠᠷᠭ᠎ᠠ ᠶᠢ ᠭᠡᠷᠡᠭᠵᠢᠬᠦᠯᠵᠦ  ᠂  ᠮᠠᠯ ᠤᠨ ᠫᠧᠩ 1.4 ᠲᠦᠮᠡᠨ ᠬᠠᠪᠳᠠᠭᠠᠢ ᠳᠥᠷᠪᠡᠯᠵᠢᠨ ᠮᠧᠲᠷ  ᠂  ᠡᠪᠡᠰᠦᠨ ᠤ ᠫᠧᠩ 2 ᠲᠦᠮᠡᠨ ᠬᠠᠪᠳᠠᠭᠠᠢ ᠳᠥᠷᠪᠡᠯᠵᠢᠨ ᠮᠧᠲᠷ᠂   ᠨᠣᠭᠤᠭᠠᠨ ᠲᠠᠷᠤᠰᠢ ᠶᠢᠨ ᠵᠣᠭᠤᠷᠢ 5000 ᠪᠣᠰᠤᠭ᠎ᠠ ᠳᠥᠷᠪᠡᠯᠵᠢᠨ ᠮᠧᠲᠷ   ᠢ ᠪᠠᠶᠢᠭᠤᠯᠤᠨ᠎ᠠ᠃      ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠡᠮᠳᠡᠭ ᠤᠨ ᠡᠬᠦᠳᠦᠯᠳᠡ ᠶᠢ ᠴᠢᠩᠭᠠᠳᠬᠠᠵᠤ᠂  ᠪᠣᠬᠢᠷᠳᠤᠯ ᠦᠭᠡᠢ  ᠪᠦᠲᠦᠭᠡᠭᠳᠡᠬᠦᠨ ᠢᠶᠠᠷ 3 ᠡᠷᠦᠬᠡ ᠶᠢ ᠰᠢᠯᠭᠠᠨ ᠭᠡᠷᠡᠴᠢᠯᠡᠬᠦᠯᠵᠦ᠂ 2 ᠪᠦᠳᠦᠭᠡᠭᠳᠡᠬᠦᠨ ᠢ ᠪᠥᠬᠦ ᠤᠯᠤᠰ ᠤᠨ ᠨᠠᠷᠠᠲᠤ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠪᠤᠯᠭᠠᠬᠤ ᠪᠠᠷ ᠡᠷᠡᠮᠡᠯᠵᠡᠯᠡᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠪᠦᠲᠦᠭᠡᠭᠳᠡᠬᠦᠨ ᠢ 16 ᠳᠤ ᠬᠦᠷᠭᠡᠬᠦ ᠪᠠᠷ ᠴᠢᠷᠮᠠᠶᠢᠨ᠎ᠠ᠃ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩ ᠵᠠᠩᠰᠢᠯ  ᠤᠨ ᠦᠬᠡᠷᠡᠴᠢᠯᠡᠯᠳᠡ ᠶᠢ ᠵᠢᠯᠤᠭᠤᠳᠤᠨ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号