ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/2/10
  2 ᠰᠠᠷ᠎ᠠ ᠶᠢᠨ 7 ᠤ ᠡᠳᠦᠷ᠂  ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠠᠭᠢ ᠤᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠬᠢᠵᠦ ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠬᠢᠯᠡᠨ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠵᠠᠢ᠃  ᠪᠠᠭᠠᠲᠤᠷ ᠴᠢᠬᠤᠯᠠᠴᠢᠯᠠᠬᠤ ᠳᠠᠭᠠᠨ᠂ ᠨᠢᠭᠡ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠤᠯᠠᠮ ᠬᠦᠨᠵᠡᠬᠡᠶᠢᠷᠡᠬᠦᠯᠵᠦ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠨᠡᠨᠬᠦ ᠭᠠᠪᠢᠶ᠎ᠠ ᠵᠢᠳᠬᠦᠯ ᠭᠠᠷᠭᠠᠵᠤ ᠦᠷ᠎ᠡ ᠪᠦᠲᠦᠮᠵᠢ ᠣᠯᠬᠤ ᠬᠡᠷᠡᠭᠲᠡᠢ᠃ ᠬᠤᠶᠠᠷ ᠲᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠭᠤᠷᠪᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠤᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃  ᠬᠤᠷᠠᠯ ᠲᠡᠭᠡᠷ᠎ᠡ᠂ ᠸᠧᠨ ᠯᠢ ᠭᠠᠩ ᠨᠥᠬᠦᠷ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ᠶᠢᠨ ᠴᠢᠩ ᠶᠠᠩ ᠨᠥᠬᠦᠷ ᠠᠴᠠ ᠰᠦᠨ ᠱᠣᠣ ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠲᠠᠭᠠᠭᠤᠯᠤᠨ ᠰᠤᠷᠤᠯᠴᠠᠵᠤ᠂ ᠵᠠᠩ ᠪᠢᠨ ᠨᠥᠬᠦᠷ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠲᠡᠭᠡᠷᠡᠬᠢ  ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠭᠠᠭᠤᠯᠤᠨ ᠰᠤᠷᠤᠯᠴᠠᠵᠠᠢ᠃  ᠡᠨᠡ ᠤᠳᠠᠭᠠᠨ ᠤ  ᠬᠤᠷᠠᠯ ᠲᠡᠭᠡᠷ᠎ᠡ ᠪᠠᠰᠠ ᠤᠳᠤᠷᠢᠳᠬᠤ ᠪᠠᠭ ᠤᠨ ᠭᠡᠰᠢᠬᠦᠳ ᠤᠨ ᠠᠵᠢᠯ ᠤᠨ ᠬᠤᠪᠢᠶᠠᠷᠢᠯᠠᠯ ᠵᠡᠷᠭᠡ ᠪᠤᠰᠤᠳ ᠤᠴᠢᠷ ᠶᠠᠪᠤᠳᠠᠯ ᠢ ᠬᠠᠮᠲᠤ  ᠳᠤᠨᠢ ᠶᠠᠷᠢᠯᠴᠠᠨ ᠰᠤᠳᠤᠯᠤᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号