ᠬᠦᠨᠪᠤᠯᠠᠭ ᠰᠤᠮᠤ ᠤᠳᠤᠷᠢᠳᠬᠤ ᠪᠠᠭ ᠤᠨ ᠠᠵᠢᠯ ᠤᠨ ᠠᠮᠵᠢᠯᠳᠠ ᠶᠢ ᠰᠢᠯᠭᠠᠨ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/13
  2 ᠰᠠᠷ᠎ᠠ ᠶᠢᠨ 9  ᠤ ᠡᠳᠦᠷ᠂ ᠬᠦᠨᠪᠤᠯᠠᠭ ᠰᠤᠮᠤ 2022 ᠣᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠰᠢᠯᠭᠠᠨ ᠦᠨᠡᠯᠡᠬᠦ ᠬᠤᠷᠠᠯ ᠬᠢᠵᠦ᠂  ᠬᠤᠰᠢᠭᠤ ᠨᠠᠮ ᠤᠨ ᠬᠤᠷᠢᠶᠠᠨ  ᠤ ᠨᠢᠭᠡᠳᠦᠭᠡᠷ ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠤᠪᠴᠢᠶᠠᠨ ᠤ ᠳᠠᠷᠤᠭ᠎ᠠ ᠰᠦᠨ ᠯᠢ ᠪᠢᠨ᠂  ᠬᠢᠨᠠᠨ ᠰᠢᠯᠭᠠᠬᠤ ᠳᠤᠭᠤᠶᠢᠯᠠᠩ ᠤᠨ ᠳᠡᠳ᠋ ᠳᠠᠷᠤᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠳᠤ  ᠲᠣᠮᠢᠯᠠᠨ ᠰᠠᠭᠤᠯᠭᠠᠭᠰᠠᠨ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠳ᠋ᠤᠸᠠᠨ ᠯᠢ ᠨᠠ ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠵᠤ ᠬᠢᠨᠠᠨ ᠰᠢᠯᠭᠠᠪᠠ  ᠃ ᠬᠤᠷᠠᠯ ᠢ ᠰᠦᠨ ᠯᠢ ᠪᠢᠨ ᠡᠷᠬᠢᠯᠡᠵᠦ᠂  ᠬᠦᠨᠪᠤᠯᠠᠭ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ  ᠂ ᠪᠥᠬᠦ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠦᠨ ᠯᠢ ᠪᠢᠨ  ᠬᠢᠨᠠᠨ ᠰᠢᠯᠭᠠᠬᠤ ᠳᠤᠭᠤᠶᠢᠯᠠᠩ   ᠢ ᠲᠦᠯᠦᠭᠡᠯᠡᠵᠦ ᠬᠤᠷᠠᠯ ᠳᠤ ᠣᠷᠣᠯᠴᠠᠭᠰᠠᠳ ᠲᠤ ᠣᠨ ᠤ ᠬᠢᠨᠠᠨ ᠰᠢᠯᠭᠠᠯᠲᠠ   ᠶᠢᠨ ᠴᠢᠬᠤᠯᠠ ᠠᠴᠢ ᠬᠤᠯᠪᠣᠭᠳᠠᠯ᠂ ᠪᠣᠳᠠᠲᠠᠢ ᠠᠯᠬᠤᠮ ᠶᠠᠪᠤᠴᠠ   ᠶᠢ ᠲᠣᠳᠣᠷᠬᠠᠶᠢᠯᠠᠭᠰᠠᠨ ᠤ ᠬᠠᠮᠳᠤ ᠰᠠᠬᠢᠯᠭ᠎ᠠ ᠪᠠᠲᠤ ᠪᠣᠯᠣᠨ ᠬᠤᠯᠪᠣᠭᠳᠠᠯ ᠪᠦᠬᠦᠢ ᠱᠠᠭᠠᠷᠳᠠᠯᠭ᠎ᠠ   ᠶᠢ ᠴᠢᠬᠤᠯᠠᠴᠢᠯᠠᠭᠰᠠᠨ ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠰᠤᠮᠤᠨ ᠤ ᠨᠠᠮ ᠵᠠᠰᠠᠭ ᠢ ᠲᠥᠯᠥᠭᠡᠯᠡᠨ 2022 ᠣᠨ ᠤ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠂ ᠠᠮᠢ ᠠᠬᠤᠢ ᠣᠷᠴᠢᠨ ᠲᠣᠭᠤᠷᠢᠨ ᠤ ᠵᠠᠰᠠᠯᠳᠠ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂   ᠵᠠᠰᠠᠯᠲᠠ ᠶᠢᠨ ᠰᠢᠰᠲ᠋ᠧᠮ᠂ ᠨᠠᠮ  ᠤᠨ ᠪᠠᠶᠢᠭᠤᠯᠤᠯᠳᠠ ᠵᠡᠷᠭᠡ ᠲᠠᠯ᠎ᠠ ᠪᠠᠷ ᠳ᠋ᠦᠩᠨᠡᠯᠲᠡ ᠬᠢᠵᠦ ᠬᠠᠷᠢᠭᠤ ᠮᠡᠳᠡᠬᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ 2023 ᠣᠨ ᠤ ᠶᠡᠷᠦᠩᠬᠡᠢ ᠠᠵᠢᠯ ᠤᠨ ᠰᠡᠳᠬᠢᠴᠡ ᠶᠢ ᠳᠤᠷᠠᠳᠴᠠᠢ᠃ ᠬᠢᠨᠠᠨ ᠰᠢᠯᠭᠠᠬᠤ ᠳᠤᠭᠤᠶᠢᠯᠠᠩ ᠠᠴᠠ ᠠᠷᠠᠳᠴᠢᠯᠠᠯ ᠢᠶᠠᠷ ᠦᠨᠡᠯᠡᠬᠦ ᠬᠦᠰᠦᠨᠦᠭ ᠪᠣᠯᠣᠨ ᠬᠠᠷᠢᠯᠴᠠᠨ ᠦᠨᠡᠯᠡᠬᠦ ᠬᠦᠰᠦᠨᠦᠭ ᠢ ᠲᠠᠷᠬᠠᠭᠠᠵᠤ᠂ ᠬᠤᠷᠠᠯ ᠳᠤ ᠣᠷᠣᠯᠴᠠᠭᠰᠠᠳ ᠠᠴᠠ ᠤᠳᠤᠷᠢᠳᠬᠤ ᠪᠠᠭ  ᠪᠤᠯᠤᠨ ᠤᠳᠤᠷᠢᠳᠬᠤ ᠪᠠᠭ ᠤᠨ ᠭᠡᠰᠢᠬᠦᠳ ᠤᠨ ᠠᠵᠢᠯ ᠤᠨ ᠢᠯᠡᠷᠡᠯ ᠪᠠ ᠠᠵᠢᠯ ᠤᠨ ᠠᠮᠵᠢᠯᠳᠠ ᠶᠢ ᠦᠨᠳᠦᠰᠦᠯᠡᠨ ᠬᠤᠪᠢ ᠥᠭᠴᠦ ᠦᠨᠡᠯᠡᠯᠲᠡ ᠬᠢᠭᠰᠡᠨ ᠪᠠᠶᠢᠨ᠎ᠠ᠃ ᠰᠢᠯᠭᠠᠨ ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ᠂  ᠬᠢᠨᠠᠨ ᠰᠢᠯᠭᠠᠬᠤ ᠳᠤᠭᠤᠶᠢᠯᠠᠩ ᠠᠴᠠ ᠬᠦᠨᠪᠤᠯᠠᠭ ᠰᠤᠮᠤᠨ ᠤ  ᠡᠯ᠎ᠡ ᠲᠦᠷᠦᠯ ᠤᠨ ᠠᠵᠢᠯ ᠤᠨ ᠲᠠᠩᠰᠠ ᠡᠪᠬᠡᠮᠡᠯ ᠢ ᠱᠠᠭᠠᠷᠳᠠᠯᠭ᠎ᠠ ᠶᠣᠰᠣᠭᠠᠷ ᠨᠠᠷᠢᠨ ᠨᠢᠮᠪᠠᠢ ᠪᠠᠶᠢᠴᠠᠭᠠᠭᠰᠠᠨ ᠤ ᠬᠠᠮᠲᠤ  ᠂ ᠬᠤᠷᠠᠯ ᠳᠤ  ᠤᠷᠤᠯᠴᠠᠭᠰᠠᠨ ᠭᠡᠰᠡᠭ ᠬᠦᠮᠦᠰ ᠲᠠᠢ ᠶᠠᠷᠢᠯᠴᠠᠭ᠎ᠠ ᠦᠷᠨᠢᠬᠦᠯᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号