ᠬᠦᠨᠪᠤᠯᠠᠭ ᠰᠤᠮᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/2/13
  2 ᠰᠠᠷ᠎ᠠ ᠶᠢᠨ 10 ᠤ ᠡᠳᠦᠷ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠩᠬᠠᠳᠤᠭᠠᠷ ᠤᠳᠠᠭ᠎ᠠ ᠶᠢᠨ ᠲᠥᠪᠯᠡᠷᠡᠨ ᠰᠤᠷᠤᠯᠴᠠᠬᠤ ᠬᠤᠷᠠᠯ ᠬᠤᠷᠠᠯᠳᠤᠭᠤᠯᠵᠤ᠂  ᠨᠠᠮ ᠤᠨ ᠬᠤᠷᠢᠶᠠᠨ ᠤ ᠱᠦᠵᠢ ᠣᠷᠭᠢᠯ ᠬᠤᠷᠠᠯ ᠢ ᠡᠷᠬᠢᠯᠡᠨ᠂ ᠤᠳᠤᠷᠢᠳᠬᠤ ᠪᠠᠭ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾᠂ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶  ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠪᠠ᠃ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠤᠣᠯ ᠰᠢᠵᠢᠮ ᠪᠤᠯᠭᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ  ᠰᠠᠭᠤᠷᠢᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠦᠨᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠣᠯᠳᠠᠯᠭ᠎ᠠ ᠲᠠᠢ ᠬᠠᠯᠠᠮᠰᠢᠯ ᠠᠰᠠᠭᠤᠳᠠᠯ ᠢ ᠴᠢᠩᠭ᠎ᠠ ᠠᠳᠬᠤᠵᠤ᠂ ᠰᠦᠯᠵᠢᠶᠡᠨ ᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠪᠠᠶᠢᠴᠠᠭᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠠᠮᠢᠶᠠᠷᠬᠤ ᠪᠠ ᠤᠬᠠᠭᠤᠯᠭ᠎ᠠ ᠶᠢᠨ ᠡᠬᠡ ᠪᠢᠴᠢᠭ ᠤᠨ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂  ᠡᠬᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃  ᠬᠤᠷᠠᠯ ᠳᠡᠭᠡᠷ᠎ᠡ ᠪᠠᠰᠠ ︽ᠰᠢ ᠶᠢᠨ ᠫᠢᠩ ᠲᠡᠷᠢᠭᠦᠯᠡᠭᠴᠢ ᠶᠢᠨ 2023 ᠣᠨ ᠤ ᠰᠢᠨ᠎ᠡ ᠵᠢᠯ ᠤᠨ ᠪᠠᠶᠠᠷ ᠤᠨ ᠦᠭᠡ︾ ᠪᠣᠯᠣᠨ ︽ᠲᠥᠷᠥ ᠶᠢ ᠵᠠᠰᠠᠵᠤ ᠵᠠᠰᠠᠭ ᠢ  ᠡᠷᠬᠢᠯᠡᠬᠦᠢ︾ ᠶᠢᠨ ᠳᠥᠷᠪᠡᠳᠦᠭᠡᠷ ᠪᠣᠳᠢ᠂ ︽ᠵᠠᠭᠤᠨ ᠵᠢᠯ ᠤᠨ ᠲᠣᠮᠣ ᠨᠠᠮ︾  ᠵᠡᠷᠭᠡ ᠶᠢᠨ ᠬᠡᠰᠡᠭ ᠪᠦᠯᠦᠭ ᠢ ᠰᠤᠷᠤᠯᠴᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号