ᠴᠠᠬᠢᠯᠭᠠᠨ ᠬᠠᠩᠭᠠᠬᠤ ᠺᠣᠮᠫᠠᠨᠢ᠄ ᠴᠠᠰᠤ ᠰᠢᠭᠤᠷᠭ᠎ᠠ ᠲᠠᠢ ᠲᠡᠮᠡᠴᠡᠵᠦ ᠬᠦᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/2/14
   ︽ᠲᠠ ᠨᠠᠷ ᠲᠤ ᠲᠣᠩ ᠶᠡᠭᠡ ᠪᠠᠶᠠᠷᠯᠠᠯ᠎ᠠ᠂  ᠡᠶᠢᠮᠦ ᠶᠡᠭᠡ ᠴᠠᠰᠤ ᠵᠤᠳ ᠲᠠᠢ ᠬᠦᠷᠦᠯᠴᠡᠨ ᠢᠷᠡᠵᠦ ᠴᠠᠬᠢᠯᠭᠠᠨ ᠲᠦᠬᠦᠭᠡᠷᠦᠮᠵᠢ ᠶᠢ  ᠵᠠᠰᠠᠵᠤ ᠦᠭᠬᠦᠯ᠎ᠡ᠂ ᠦᠨᠡᠬᠡᠷ ᠪᠠᠶᠠᠷᠯᠠᠭᠰᠠᠨ ᠰᠢᠦ  ︾ ᠭᠡᠵᠦ  ᠪᠤᠤᠴᠠᠩ ᠪᠠᠯᠭᠠᠰᠤᠨ ᠤ ᠯᠢᠦ ᠵᠢᠶᠠ ᠶᠢᠩᠽᠢ ᠲᠣᠰᠬᠤᠨ ᠤ ᠲᠠᠷᠢᠶᠠᠴᠢᠨ ᠯᠢᠦ ᠴᠢᠶᠠᠩ  ᠲᠠᠶᠢᠹᠤᠰᠧ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠲᠦᠷᠭᠡᠨ ᠵᠠᠰᠠᠯᠲᠠ ᠶᠢᠨ ᠠᠩᠭᠢ ᠶᠢᠨ ᠠᠵᠢᠯᠲᠠᠳ ᠲᠤ ᠲᠠᠯᠠᠷᠬᠠᠯ ᠲᠡᠪᠰᠢᠬᠦᠯᠦᠨ᠎ᠡ᠃    ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ 2 ᠰᠠᠷ᠎ᠠ ᠶᠢᠨ 9 ᠤ ᠡᠳᠦᠷ ᠲᠠᠶᠢᠹᠤᠰᠧ ᠬᠤᠰᠢᠭᠤᠨ ᠳᠤ ᠭᠡᠨᠡᠳᠲᠡ ᠶᠡᠭᠡ ᠴᠠᠰᠤ ᠤᠷᠤᠵᠠᠢ᠃  ᠮᠦᠨ ᠡᠨᠡ ᠦᠶ᠎ᠡ ᠳᠤ ᠯᠢᠦ ᠴᠢᠶᠠᠩ ᠤᠨ ᠮᠠᠯᠵᠢᠯ ᠤᠨ  ᠲᠠᠯᠠᠪᠠᠢ ᠳᠤ ᠭᠡᠨᠡᠳᠲᠡ ᠴᠠᠬᠢᠯᠭᠠᠨ  ᠵᠤᠭᠰᠤᠭᠠᠳ᠂ ᠬᠡᠷᠪᠡ ᠴᠠᠭ ᠲᠤᠬᠠᠢ ᠳᠤᠨᠢ ᠴᠠᠬᠢᠯᠭᠠᠨ ᠨᠡᠪᠲᠡᠷᠡᠭᠦᠯᠬᠦ ᠦᠭᠡᠢ ᠪᠣᠯ ᠬᠤᠷᠠᠭ᠎ᠠ ᠢᠰᠢᠭᠡ ᠨᠢ  ᠬᠥᠯᠳᠡᠵᠦ ᠪᠡᠭᠡᠷᠡᠬᠦ  ᠠᠶᠤᠯ ᠲᠠᠢ ᠪᠤᠯᠪᠠ᠃  ᠪᠠᠴᠢᠮᠳᠠᠵᠤ ᠰᠠᠨᠳᠤᠷᠤᠭᠰᠠᠨ ᠯᠢᠦ ᠴᠢᠶᠠᠩ ᠴᠠᠬᠢᠯᠭᠠᠨ ᠬᠠᠩᠭᠠᠬᠤ ᠺᠤᠮᠫᠠᠨᠢ ᠳᠤ ᠤᠳᠠᠰᠤᠳᠠᠵᠤ  ᠲᠦᠷᠭᠡᠨ ᠰᠢᠢᠳᠪᠦᠷᠢᠯᠡᠵᠦ ᠥᠭᠬᠦ   ᠶᠢ ᠬᠦᠰᠡᠵᠡᠢ᠃ ᠲᠦᠷᠭᠡᠨ ᠵᠠᠰᠠᠬᠤ ᠠᠩᠬᠢ ᠶᠢᠨ ᠬᠢᠨ ᠤᠲᠠᠰᠤ ᠶᠢ ᠲᠤᠰᠤᠮᠠᠭᠴᠠ ᠲᠠᠷᠤᠶᠢᠬᠠᠨ ᠯᠢᠦ ᠵᠢᠶᠠ ᠶᠢᠩᠽᠢ ᠲᠣᠰᠬᠤᠨ ᠳᠤ ᠬᠦᠷᠴᠦ ᠴᠠᠭ ᠢ ᠵᠠᠪᠳᠤᠨ ᠵᠠᠰᠠᠯᠳᠠ ᠶᠢᠨ ᠠᠵᠢᠯ ᠢᠶᠠᠨ ᠡᠬᠢᠯᠡᠬᠦᠯᠪᠡ᠃  ᠶᠡᠭᠡ ᠴᠠᠰᠤᠨ ᠤ ᠨᠥᠯᠥᠭᠡ ᠪᠠᠷ᠂  ᠴᠠᠬᠢᠯᠭᠠᠨ ᠬᠡᠷᠡᠭᠯᠡᠬᠦ ᠳᠠᠭᠠᠭᠠᠴᠠ ᠨᠡᠮᠡᠭᠳᠡᠵᠦ᠂ ᠲᠤᠰ ᠲᠣᠰᠬᠤᠨ ᠤ 0.4 ᠺᠢᠯᠣᠸᠠᠲ ᠤᠨ ᠴᠠᠬᠢᠯᠭᠠᠨ ᠱᠤᠭᠤᠮ ᠲᠠᠰᠤᠷᠠᠭᠰᠠᠨ ᠠᠴᠠ ᠪᠤᠯᠤᠭᠠᠳ ᠣᠶᠢᠷ᠎ᠠ ᠬᠠᠪᠢ ᠶᠢᠨ 40 ᠭᠠᠷᠤᠢ ᠡᠷᠦᠬᠡ ᠶᠢᠨ ᠴᠠᠬᠢᠯᠭᠠᠨ ᠵᠤᠭᠰᠤᠭᠰᠠᠨ ᠪᠠᠶᠢᠵᠠᠢ᠃ ᠠᠵᠢᠯᠲᠠᠳ ᠶᠡᠭᠡ ᠴᠠᠰᠤᠨ ᠤ ᠳᠤᠮᠳᠠᠭᠤᠷ ᠱᠠᠯᠠᠪᠳᠠᠨ ᠵᠠᠰᠠᠬᠤ ᠠᠵᠢᠯ ᠢᠶᠠᠨ ᠪᠠᠴᠢᠮ ᠶᠠᠭᠠᠷᠠᠯᠲᠠᠢ ᠶᠠᠪᠤᠭᠳᠠᠭᠤᠯᠵᠤ᠂ 40 ᠮᠢᠨᠦ᠋ᠲ ᠤᠨ ᠳᠠᠷᠠᠭ᠎ᠠ  ᠴᠠᠬᠢᠯᠭᠠᠨ ᠢ ᠵᠠᠰᠠᠵᠤ ᠨᠡᠪᠳᠡᠷᠡᠬᠦᠯᠦᠭᠡᠳ  ᠂ ᠯᠢᠦ ᠴᠢᠶᠠᠩ ᠤᠨ ᠮᠠᠯᠵᠢᠯ ᠤᠨ ᠲᠠᠯᠠᠪᠠᠢ ᠶᠢᠨ ᠲᠤᠯᠠᠭᠠᠯᠠᠭ᠎ᠠ  ᠶᠢᠨ ᠲᠦᠬᠦᠭᠡᠷᠦᠮᠵᠢ ᠴᠤ ᠭᠡᠪ ᠶᠤᠰᠤᠭᠠᠷ ᠠᠵᠢᠯᠯᠠᠵᠤ ᠡᠬᠢᠯᠡᠭᠰᠡᠨ ᠪᠠᠶᠢᠨ᠎ᠠ᠃  ᠠᠵᠢᠯᠳᠠᠳ ᠤᠨ ᠴᠠᠰᠤᠨ ᠳᠤ ᠨᠤᠷᠤᠭᠰᠠᠨ ᠬᠤᠪᠴᠠᠰᠤ ᠶᠢ ᠬᠠᠷᠠᠭᠠᠳ ᠯᠢᠦ ᠴᠢᠶᠠᠩ  ᠄ ︽ᠤᠤᠯ ᠨᠢ ᠪᠢ ᠲᠤᠷᠰᠢᠵᠤ ᠦᠵᠡᠬᠦ ᠰᠡᠳᠬᠢᠯᠭᠡ ᠪᠠᠷ ᠤᠲᠠᠰᠤ ᠵᠠᠯᠭᠠᠭᠰᠠᠨ ᠶᠤᠮ᠂  ᠡᠨᠡ ᠶᠡᠭᠡ ᠴᠠᠰᠤᠨ ᠳᠤ ᠡᠶᠢᠮᠦ ᠲᠦᠷᠭᠡᠨ ᠵᠠᠰᠠᠭᠠᠳ ᠦᠭᠴᠢᠬᠡᠨ᠎ᠡ ᠬᠡᠵᠦ ᠰᠠᠨᠠᠭᠰᠠᠨ ᠦᠬᠡᠢ᠂ ᠲᠠᠨᠤᠰ ᠲᠤ  ᠦᠨᠡᠬᠡᠷ ᠴᠢᠩ ᠰᠡᠳᠬᠢᠯ ᠠᠴᠠ ᠲᠠᠯᠠᠷᠬᠠᠵᠤ ᠪᠠᠶᠢᠨ᠎ᠠ︕︾ ᠭᠡᠵᠦ  ᠲᠠᠬᠢᠨ ᠲᠠᠪᠳᠠᠨ ᠲᠠᠯᠠᠷᠬᠠᠵᠤ ᠭᠠᠷᠤᠯ᠎ᠠ᠃    ᠠᠮᠤᠷ ᠲᠦᠪᠰᠢᠨ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠨ᠃ ᠴᠠᠬᠢᠯᠭᠠᠨ ᠬᠠᠩᠭᠠᠬᠤ ᠺᠤᠮᠫᠠᠨᠢ ᠶᠢᠨ  17 ᠠᠵᠢᠯᠲᠠᠨ ᠢᠶᠠᠷ ᠪᠦᠷᠢᠯᠳᠦᠭᠰᠡᠨ ᠲᠦᠷᠭᠡᠨ ᠵᠠᠰᠠᠬᠤ ᠠᠩᠭᠢ ᠨᠢ 2018 ᠣᠨ ᠳᠤ ᠪᠠᠶᠢᠭᠤᠯᠤᠭᠳᠠᠭᠰᠠᠨ   ᠠᠴᠠ ᠨᠠᠰᠢ  ᠬᠠᠮᠢᠶᠠᠷᠤᠯᠲᠠ ᠪᠠᠨ ᠴᠢᠩᠭᠠᠳᠬᠠᠨ᠂ ᠠᠷᠭ᠎ᠠ ᠠᠪᠴᠢᠯ ᠢᠶᠠᠨ ᠨᠠᠷᠢᠯᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠪᠠᠬᠢᠵᠢᠬᠦᠯᠦᠨ᠂ ᠴᠢᠩᠭ᠎ᠠ ᠨᠢᠮᠪᠠᠢ ᠦᠨᠡᠨ ᠪᠣᠳᠠᠲᠠᠢ ᠠᠵᠢᠯ ᠤᠨ ᠰᠤᠷᠲᠠᠯ ᠢ ᠪᠣᠶ ᠪᠣᠯᠭᠠᠵᠤ᠂ ᠴᠠᠬᠢᠯᠭᠠᠨ ᠬᠦᠴᠦᠨ ᠤ ᠠᠶᠤᠯᠭᠦᠢ ᠦᠢᠯᠡᠳᠪᠦᠷᠢᠯᠡᠯ ᠪᠠ ᠲᠣᠭᠲᠠᠭᠤᠨ ᠬᠥᠭᠵᠢᠯᠲᠡ ᠶᠢ ᠪᠠᠳᠤᠯᠠᠨ ᠬᠠᠮᠠᠭᠠᠯᠠᠵᠤ ᠢᠷᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号