ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ᠄ ᠦᠨᠡᠨ ᠰᠡᠳᠬᠢᠯ ᠠᠴᠠ ᠪᠠᠨ ᠦᠢᠯᠡᠴᠢᠯᠡᠵᠦ᠂  ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/2/14
  ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠶᠢ ᠢᠳᠡᠪᠬᠢᠲᠡᠢ ᠥᠷᠨᠢᠭᠦᠯᠵᠦ᠂  ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢ ᠬᠠᠪᠰᠤᠷᠤᠨ ᠬᠦᠴᠢᠷ ᠵᠤᠪᠠᠨᠢᠯ ᠢ ᠨᠢ ᠰᠢᠢᠳᠪᠦᠷᠢᠯᠡᠨ ᠦᠭᠴᠦ ᠪᠠᠶᠢᠨ᠎ᠠ᠃  ᠲᠤᠰ ᠲᠤᠪᠴᠢᠶᠠᠨ  ᠤ ᠬᠢᠨ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠲᠠᠷᠬᠠᠭᠠᠵᠤ ᠪᠠᠶᠢᠴᠠᠭᠠᠬᠤ᠂ ᠨᠢᠭᠤᠷᠲᠠᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠳᠤ ᠪᠠᠶᠢᠴᠠᠭᠠᠨ ᠰᠤᠳᠤᠯᠤᠯᠲᠠ ᠬᠢᠵᠦ᠂ ᠬᠢᠵᠢᠭ ᠤᠨ ᠲᠠᠷᠠᠭ᠎ᠠ ᠲᠤᠯᠭᠠᠷᠠᠵᠤ ᠪᠠᠶᠢᠭ᠎ᠠ ᠡᠵᠡᠩᠨᠡᠯᠲᠡ ᠶᠢᠨ ᠬᠦᠴᠢᠷᠳᠡᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠠᠵᠢᠯᠲᠠᠳ  ᠤᠯᠤᠰ᠂  ᠣᠷᠣᠨ᠂ ᠠᠶᠢᠮᠠᠭ ᠤᠨ ᠠᠵᠤ ᠠᠬᠤᠶᠢᠯᠠᠯ   ᠢ ᠬᠠᠪᠰᠤᠷᠤᠨ ᠬᠦᠴᠢᠷᠳᠡᠯ ᠢ  ᠰᠢᠢᠳᠪᠦᠷᠢᠯᠡᠬᠦ ᠬᠠᠷᠠᠭᠠᠯᠵᠠᠯ ᠤᠨ ᠲᠥᠷᠥ   ᠶᠢᠨ ᠪᠣᠳᠣᠯᠭ᠎ᠠ   ᠶᠢ ᠡᠷᠦᠬᠡ ᠳᠠᠷᠠᠭᠠᠯᠠᠨ ᠲᠠᠶᠢᠯᠪᠤᠷᠢᠯᠠᠵᠤ᠂ ᠤᠬᠠᠭᠤᠯᠭ᠎ᠠ   ᠶᠢᠨ ᠮᠠᠲ᠋ᠧᠷᠢᠶᠠᠯ ᠲᠠᠷᠬᠠᠭᠠᠨ᠂  ᠯᠠᠪᠯᠠᠯᠳᠠ ᠶᠢᠨ ᠤᠲᠠᠰᠤ ᠦᠯᠡᠳᠡᠭᠡᠵᠦ᠂  ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠬᠥᠭᠵᠢᠯᠲᠡ   ᠶᠢᠨ ᠢᠲᠡᠭᠡᠯ ᠵᠣᠷᠢᠭ   ᠢ ᠨᠢ ᠬᠥᠪᠴᠢᠯᠡᠵᠦ᠂ ᠬᠥᠭᠵᠢᠯᠲᠡ   ᠶᠢᠨ ᠬᠥᠳᠡᠯᠭᠡᠭᠦ ᠬᠦᠴᠦᠨ  ᠢ ᠨᠢ ᠨᠡᠮᠡᠭᠳᠡᠭᠦᠯᠵᠡᠢ᠃ ᠪᠠᠶᠢᠴᠠᠭᠠᠨ ᠣᠶᠢᠯᠠᠭᠠᠭᠰᠠᠨ ᠠᠰᠠᠭᠤᠳᠠᠯ ᠢ ᠲᠠᠩᠰᠠᠯᠠᠨ ᠬᠤᠷᠢᠶᠠᠩᠭᠤᠶᠢᠯᠠᠵᠤ᠂  ᠬᠠᠪᠰᠤᠷᠤᠨ ᠲᠡᠳᠬᠦᠬᠦ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠵᠢᠯᠤᠭᠤᠳᠬᠤ ᠬᠠᠷᠢᠯᠴᠠᠬᠤ ᠦᠢᠯᠡᠴᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃      ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ ᠨᠢ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠤᠨ᠂ ︽ᠦᠢᠯᠡᠴᠢᠯᠡᠭᠡ ᠶᠢ ᠬᠦᠷᠭᠡᠬᠦ᠂ ᠪᠣᠳᠠᠲᠤ ᠶᠠᠪᠤᠳᠠᠯ ᠬᠢᠬᠦ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ  ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢ ᠦᠨᠡᠨ ᠰᠡᠳᠬᠢᠯ ᠠᠴᠠ ᠪᠠᠨ ᠬᠠᠪᠰᠤᠷᠤᠨ ᠬᠥᠭᠵᠢᠯᠲᠡ ᠶᠢᠨ ᠳᠤᠮᠳᠠᠬᠢ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠡᠮᠡᠭᠳᠡᠬᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ  ᠦᠵᠡᠬᠦᠯᠬᠦ ᠪᠠᠷ ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号