ᠲᠠᠶᠢᠹᠤᠰᠧ ᠬᠤᠰᠢᠭᠤᠨ ᠤ 2023 ᠣᠨ ᠤ ︽ᠤᠷᠢᠬᠠᠨ ᠰᠠᠯᠬᠢ︾ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠢ  ᠡᠯᠰᠡᠯᠳᠡ ᠶᠢᠨ ᠬᠤᠷᠠᠯ ᠢ ᠡᠷᠭᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/15
ᠥᠷᠭᠡᠨ ᠤᠯᠠᠨ ᠠᠵᠢᠯ ᠡᠷᠢᠭᠰᠡᠳ ᠲᠤ᠄     ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ  ᠨᠦᠬᠦᠴᠡᠯ ᠢ ᠰᠢᠯᠢᠳᠡᠭᠵᠢᠭᠦᠯᠦᠨ᠂  ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠦ᠂ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯ ᠠᠴᠠ ᠠᠪᠤᠷᠠᠬᠤ ᠪᠠᠷ ᠴᠢᠷᠮᠠᠶᠢᠨ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ 2023 ᠣᠨ ᠤ ︽ᠤᠷᠢᠬᠠᠨ ᠰᠠᠯᠬᠢ  ︾ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠢ ᠡᠯᠰᠡᠯᠳᠡ ᠶᠢᠨ ᠬᠤᠷᠠᠯ ᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠯᠠᠭᠠᠨ ᠤ ᠭᠤᠣᠯ ᠰᠡᠳᠦᠪ        ᠬᠠᠪᠤᠷ ᠤᠨ ᠤᠷᠢᠬᠠᠨ ᠰᠠᠯᠬᠢ ᠬᠠᠶᠢᠷ᠎ᠠ ᠰᠡᠳᠬᠢᠯᠭᠡ ᠶᠢ ᠲᠠᠮᠵᠢᠭᠤᠯᠵᠤ᠂ ᠬᠠᠯᠠᠮᠵᠢ ᠲᠤᠰᠠ ᠶᠢᠨ ᠦᠢᠯᠡ ᠬᠦᠮᠦᠨ ᠤ ᠰᠡᠳᠬᠢᠯ ᠢ ᠳᠤᠯᠠᠭᠠᠴᠠᠭᠤᠯᠤᠨ᠎ᠠ      ᠬᠤᠶᠠᠷ᠂ ᠭᠤᠣᠯᠯᠠᠨ ᠡᠷᠬᠢᠯᠡᠭᠰᠡᠨ ᠨᠢᠬᠴᠡ      ᠲᠠᠶᠢᠹᠤᠰᠧ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠲᠤᠪᠴᠢᠶ᠎ᠠ      ᠭᠤᠷᠪᠠ᠂  ᠬᠠᠷᠢᠭᠤᠴᠠᠨ ᠡᠷᠬᠢᠯᠡᠭᠰᠡᠨ ᠨᠢᠬᠡᠴᠡ      ᠲᠠᠶᠢᠹᠤᠰᠧ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ      ᠲᠠᠶᠢᠹᠤᠰᠧ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ      ᠲᠠᠶᠢᠹᠤᠰᠧ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ      ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠣᠪᠴᠢᠶ᠎ᠠ      ᠲᠠᠶᠢᠹᠦᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ      ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ      ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ      ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ      ᠲᠠᠶᠢᠹᠤᠰᠧ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ      ᠲᠠᠶᠢᠹᠤᠰᠧ ᠬᠤᠰᠢᠭᠤᠨ ᠤ ᠬᠠᠮ ᠵᠠᠭᠤᠴᠢᠯᠠᠭᠤᠷ ᠤᠨ ᠲᠥᠪ      ᠳᠥᠷᠪᠡ᠂ ᠠᠵᠢᠯᠯᠠᠭᠠᠨ ᠤ ᠴᠠᠭ ᠪᠠ ᠭᠠᠵᠠᠷ      2023 ᠣᠨ ᠤ 2 ᠰᠠᠷ᠎ᠠ ᠶᠢᠨ 17 ᠤ ᠡᠳᠦᠷ ᠤᠨ 9᠄ 00 ᠴᠠᠭ᠂ ᠲᠠᠶᠢᠹᠤᠰᠧ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ︵ᠥᠳᠥᠨ ᠪᠥᠮᠪᠦᠭᠡ ᠶᠢᠨ ᠲᠠᠯᠠᠪᠠᠢ︶  ᠂ ᠬᠤᠷᠠᠯ ᠤᠨ ᠬᠤᠭᠤᠴᠠᠭ᠎ᠠ ᠬᠠᠭᠠᠰ ᠡᠳᠦᠷ᠃      ᠲᠠᠪᠤ᠂  ᠦᠢᠯᠡᠴᠢᠯᠡᠭᠡᠨ ᠤ ᠨᠢᠭᠤᠷᠯᠠᠯ      ︵ᠨᠢᠭᠡ︶ ᠠᠵᠢᠯ ᠣᠯᠵᠤ  ᠦᠢᠯᠡᠰ ᠪᠦᠳᠦᠬᠡᠬᠦ ᠬᠦᠰᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠦᠮᠦᠰ᠂ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ᠂ ᠮᠠᠯᠴᠢᠨ ᠲᠠᠷᠢᠶᠠᠴᠢᠨ ᠭᠠᠷᠤᠯ ᠲᠠᠢ ᠬᠦᠯᠦᠰᠦᠨ ᠠᠵᠢᠯᠴᠢᠨ︔     ︵ᠬᠤᠶᠠᠷ︶ ᠠᠵᠢᠯ ᠣᠯᠣᠭᠠᠳᠤᠢ ᠶᠡᠭᠡ ᠰᠤᠷᠭᠠᠭᠤᠯᠢ ᠲᠡᠭᠦᠰᠦᠭᠰᠡᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠠᠯᠳᠠᠭᠰᠠᠨ ᠵᠠᠯᠠᠭᠤᠴᠤᠳ᠂ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ︶᠂ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠣᠷᠣᠯᠭ᠎ᠠ ᠪᠠᠭᠠᠲᠠᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠦᠮᠦᠰ ᠪᠠ ᠪᠤᠰᠤᠳ ᠠᠵᠢᠯ ᠡᠷᠢᠬᠦ ᠬᠦᠰᠡᠯ ᠲᠠᠢ ᠡᠯ᠎ᠡ ᠲᠥᠷᠥᠯ ᠤᠨ ᠬᠥᠮᠥᠰ︔      ︵ᠭᠤᠷᠪᠠ︶ ᠠᠵᠢᠯᠳᠠᠨ ᠬᠡᠷᠡᠭᠯᠡᠬᠦ ᠬᠡᠷᠡᠭᠴᠡᠭᠡ ᠲᠠᠢ ᠡᠯ᠎ᠡ ᠲᠥᠷᠥᠯ ᠤᠨ ᠨᠢᠭᠡᠴᠡ᠃       ᠵᠢᠷᠭᠤᠭ᠎ᠠ᠂  ᠠᠵᠢᠯᠯᠠᠭᠠᠨ ᠤ ᠠᠭᠤᠯᠭ᠎ᠠ       ︵ᠨᠢᠭᠡ︶ ᠲᠣᠰ ᠭᠠᠵᠠᠷ ᠤᠨ 30 ᠰᠢᠬᠠᠮ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠠᠵᠢᠯᠳᠠᠨ ᠡᠯᠰᠡᠵᠦ᠂  ᠭᠠᠳᠠᠨ᠎ᠠ ᠣᠷᠣᠨ ᠤ ᠬᠢᠨ 1000 ᠰᠢᠬᠠᠮ ᠠᠵᠢᠯ ᠤᠨ ᠪᠠᠶᠢᠷᠢ ᠬᠠᠩᠭᠠᠨ᠎ᠠ᠃       ︵ᠬᠤᠶᠠᠷ︶  ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ  ᠰᠦᠯᠵᠢᠶ᠎ᠡ ᠪᠠᠷ ᠡᠯᠰᠡᠬᠦ ᠴᠤᠭᠯᠠᠭᠠᠨ ᠢ ᠡᠷᠬᠢᠯᠡᠨ᠎ᠡ᠃       ︵ᠭᠤᠷᠪᠠ︶ ᠣᠲᠣ ᠶᠢᠨ ᠬᠡᠷᠡᠭᠵᠢᠭᠦᠯᠵᠦ ᠪᠠᠶᠢᠭ᠎ᠠ ᠡᠯ᠎ᠡ ᠲᠥᠷᠥᠯ ᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃       ︵ᠳᠥᠷᠪᠡ︶ ᠡᠯ᠎ᠡ ᠲᠥᠷᠥᠯ ᠤᠨ ᠬᠥᠮᠥᠰ ᠲᠤ ᠠᠵᠢᠯ ᠣᠯᠭᠤᠯᠲᠠ ᠶᠢᠨ ᠲᠤᠰᠠᠯᠠᠮᠵᠢ ᠬᠠᠩᠭᠠᠨ᠎ᠠ᠃        ᠥᠷᠭᠡᠨ ᠤᠯᠠᠨ ᠠᠵᠢᠯ ᠡᠷᠢᠭᠰᠡᠳ᠂ ᠡᠯ᠎ᠡ ᠲᠦᠷᠦᠯ ᠤᠨ ᠬᠥᠮᠥᠰ ᠪᠣᠯᠣᠨ ᠠᠵᠢᠯᠳᠠᠨ ᠬᠡᠷᠡᠭᠯᠡᠬᠦ ᠨᠢᠭᠡᠴᠡ  ᠶᠢᠨ ᠬᠤᠷᠠᠯ ᠳᠤ ᠤᠷᠤᠯᠴᠠᠳᠤᠭᠠᠢ ᠬᠡᠮᠡᠨ ᠤᠷᠢᠵᠤ ᠪᠠᠶᠢᠨ᠎ᠠ︕                              ᠲᠠᠶᠢᠹᠤᠰᠧ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ    ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                              2023 ᠣᠨ ᠤ 2 ᠰᠠᠷ᠎ᠠ ᠶᠢᠨ 14 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号