ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ ︽ | ᠬᠠᠭᠠᠨ ᠤ ᠠᠳᠤᠭᠤᠨ ᠵᠤᠰᠠᠭᠠᠯ︾ ᠢ ᠲᠠᠰ ᠳᠡᠪᠰᠢᠭᠦᠯᠦᠨ ᠥᠭᠡᠷᠡᠴᠢᠯᠡᠬᠦ᠂ ᠭᠡᠪ ᠨᠠᠮᠪᠠᠳᠤ ᠠᠳᠤᠭᠤᠳᠤ ᠪᠠᠯᠭᠠᠰᠤᠨ | ᠤ ᠰᠡᠯᠡᠬᠦᠴᠡᠯ ᠤᠨ ᠤᠷᠤᠨ᠂ ᠵᠢᠭᠤᠯᠴᠢᠯᠠᠭᠴᠢᠳ ᠲᠤ ᠦᠢᠯᠡᠴᠢᠯᠡᠬᠦ ᠲᠥᠪ᠂ ᠤᠯᠠᠭᠠᠨᠮᠥ᠋ᠴᠢᠷ ᠤᠨ ᠤᠷᠠᠯᠢᠭ ᠤᠨ | ᠲᠥᠪ᠂ ᠪᠢᠶᠠᠨ ᠴᠢᠶᠠᠩ ᠲᠣᠰᠬᠤᠨ ᠤ ᠤᠮᠪᠠᠯᠲᠠ ᠶᠢᠨ ᠣᠷᠳᠣᠨ᠂ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠱᠤᠭᠤᠮ ᠤᠨ ᠴᠢᠨᠠᠷ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠨᠢᠭᠡ ᠪᠦᠯᠦᠭ ᠰᠣᠳᠣᠨ ᠵᠦᠢᠯᠡᠰ ᠪᠠ ᠵᠢᠭᠤᠯᠴᠢᠯᠠᠯ ᠤᠨ | ᠱᠤᠭᠤᠮ ᠢ ᠢᠳᠡᠪᠬᠢᠲᠡᠢ ᠪᠠᠷ ᠤᠬᠠᠭᠠᠯᠠᠨ ᠰᠡᠳᠦᠵᠦ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ | ᠠᠽᠢᠶ᠎ᠠ ᠨᠣᠮᠣᠬᠠᠨ ᠳᠠᠯᠠᠢ ᠶᠢᠨ ᠣᠷᠣᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠰᠠᠶᠢᠲᠤᠷ ᠡᠷᠬᠢᠯᠡᠨ᠎ᠠ᠃ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ | ᠴᠢᠩᠭᠠᠳᠬᠠᠵᠤ᠂ ᠬᠠᠭᠠᠨ ᠤ ᠠᠳᠤᠭᠤᠨ ᠰᠤᠶᠤᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠠᠮᠢᠳᠤᠯᠢᠭ ᠢᠶᠠᠷ | ᠦᠷᠨᠢᠬᠦᠯᠦᠨ᠂ ᠲᠠᠶᠢᠹᠤᠰᠧ ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠪᠠᠶᠢᠭᠠᠯᠢᠯᠢᠭ | ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠪᠤᠯᠭᠠᠵᠤ ᠪᠠᠶᠢᠭᠤᠯᠬᠤ ᠪᠠᠷ ᠴᠢᠷᠮᠠᠶᠢᠨ᠎ᠠ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠡᠯᠧᠺᠲᠷᠣᠨ | ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠢᠲᠡᠨ | ᠬᠡᠯᠬᠢᠶᠡᠲᠦ ᠪᠠᠷᠠᠭᠠᠨ ᠤ ᠲᠣᠬᠢᠷᠠᠭᠤᠯᠤᠨ ᠬᠦᠷᠭᠡᠬᠦ ᠲᠥᠪ ᠤᠨ ᠡᠯ᠎ᠡ ᠵᠦᠢᠯ ᠤᠨ ᠴᠢᠳᠠᠮᠵᠢ ᠶᠢᠨ ᠪᠠᠶᠢᠭᠤᠯᠤᠯᠲᠠ ᠶᠢ | ᠴᠢᠨᠠᠭᠰᠢᠳᠠ ᠲᠡᠭᠦᠯᠳᠡᠷᠵᠢᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ᠂ ᠬᠦᠢᠲᠡᠨ ᠬᠡᠯᠬᠢᠶᠡᠲᠦ ᠪᠤᠳᠠᠰ ᠢ ᠬᠥᠮᠥᠷᠭᠡᠯᠡᠨ ᠬᠠᠳᠠᠭᠠᠯᠠᠬᠤ ᠡᠯ᠎ᠡ ᠴᠢᠳᠠᠮᠵᠢᠲᠤ ᠣᠷᠣᠨ ᠢ ᠪᠦᠬᠦᠨ ᠢ | ᠠᠰᠢᠭᠯᠠᠯᠲᠠ ᠳᠤ ᠣᠷᠣᠭᠤᠯᠵᠤ᠂ ᠬᠡᠷᠡᠭᠯᠡᠭᠡᠨ ᠤ ᠵᠦᠢᠯ ᠢ ᠬᠥᠳᠡᠭᠡ ᠪᠠᠭᠤᠯᠭᠠᠬᠤ ᠪᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠤᠲᠠ ᠳᠤ ᠣᠷᠣᠬᠤ ᠨᠣᠷᠮ᠎ᠠ ᠶᠢ ᠲᠠᠰᠤᠷᠠᠯᠲᠠ ᠦᠭᠡᠢ | ᠲᠡᠭᠡᠭᠰᠢᠯᠡᠬᠦᠯᠦᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢ | ᠪᠦᠲᠦᠮᠵᠢᠲᠡᠶ ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠨᠡᠴᠢᠯᠡᠨ ᠬᠦᠭᠵᠢᠬᠦᠯᠦᠨ᠎ᠡ᠃ ᠪᠥᠬᠦ ᠠᠷᠠᠳ ᠢᠶᠠᠷ ᠢᠶᠠᠨ | ᠰᠢᠨ᠎ᠡ ᠶᠢ ᠡᠭᠦᠳᠦᠨ ᠦᠢᠯᠡᠰ ᠪᠦᠳᠦᠭᠡᠬᠦ ᠶᠢ ᠢᠳᠡᠪᠬᠢᠲᠡᠢ ᠵᠣᠷᠢᠭᠵᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ᠂ | ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ︽ᠢᠨᠲ᠋ᠧᠷ ᠰᠦᠯᠵᠢᠶ᠎ᠡ +︾ | ᠰᠢᠨ᠎ᠡ ᠭᠡᠷᠡᠭᠯᠡᠭᠡᠨ ᠤ ᠵᠠᠭᠪᠤᠷ ᠢ ᠲᠡᠳᠬᠦᠨ ᠬᠦᠭᠵᠢᠬᠦᠯᠵᠦ᠂ ᠭᠡᠪ ᠨᠠᠮᠪᠠᠳᠤ ᠠᠷᠠᠯᠵᠢᠶᠠᠨ ᠤ ᠵᠡᠭᠡᠯᠢ ᠶᠢ | ᠪᠠᠶᠢᠭᠤᠯᠤᠨ᠂ ᠥᠷᠯᠥᠭᠡ ᠦᠳᠡᠰᠢ ᠶᠢᠨ ᠵᠠᠬ᠎ᠠ᠂ ᠢᠳᠡᠭᠡᠨ ᠤᠮᠳᠠᠭᠠᠨ ᠵᠤᠭ᠎ᠠ ᠴᠡᠩᠭᠡᠯ᠂ ᠰᠦᠯᠵᠢᠶᠡᠨ ᠤᠳᠤᠨ ᠤ | ᠵᠢᠭᠤᠯᠴᠢᠯᠠᠯ ᠵᠡᠷᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠪᠠ ᠳᠠᠶᠢᠴᠢᠯᠠᠬᠤ ᠬᠢᠷᠢ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ |