ᠶᠦᠩ ᠹᠧᠩ  ᠪᠠᠯᠭᠠᠰᠤ ︽ᠭᠤᠷᠪᠠᠨ ᠲᠠᠯ᠎ᠠ︾  ᠪᠠᠷ ᠴᠢᠩᠭᠠᠳᠬᠠᠵᠤ ᠲᠣᠰᠬᠤᠨ ᠤ  ᠺᠠᠳ᠋ᠷ ᠢ ᠬᠢᠨᠠᠨ ᠰᠢᠯᠭᠠᠪᠠ
ᠨᠡᠶᠢᠲᠡᠯᠡᠭᠰᠡᠨ ᠴᠠᠭ᠄
2023/2/15
    ᠲᠣᠰᠬᠤᠨ ᠤ ᠤᠳᠤᠷᠢᠳᠬᠤ ᠪᠠᠭ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠬᠦ ᠶᠢᠨ ᠲᠥᠯᠥᠭᠡ᠂ ᠶᠦᠩ ᠹᠧᠩ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ 2022 ᠣᠨ ᠤ ᠲᠣᠰᠬᠤᠨ  ᠱᠠᠳᠤᠨ ᠤ ᠬᠢᠨᠠᠨ ᠰᠢᠯᠭᠠᠯᠲᠠ ᠪᠠ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ  ᠤᠨ ᠰᠢᠯᠭᠠᠨ ᠠᠪᠬᠤ ᠠᠵᠢᠯ ᠢ ᠦᠷᠨᠢᠬᠦᠯᠪᠡ᠃ ᠨᠢᠭᠡ ᠳᠤ᠂ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠤᠨ ᠱᠠᠭᠠᠷᠳᠠᠯᠭ᠎ᠠ ᠶᠢ ᠪᠠᠷᠢᠮᠲᠠᠯᠠᠵᠤ᠂ ︽ᠶᠦᠩ ᠹᠥ᠋ᠩ  ᠪᠠᠯᠭᠠᠰᠤᠨ ᠤ 2022 ᠣᠨ ᠤ ᠲᠣᠰᠬᠤᠨ ᠱᠠᠳᠤᠨ ᠤ  ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾᠂ ︽ᠶᠦᠩ ᠹᠧᠩ ᠪᠠᠯᠭᠠᠰᠤᠨ ᠤ 2022 ᠣᠨ ᠤ ᠲᠣᠰᠬᠤᠨ ᠱᠠᠳᠤᠨ ᠤ  ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠤᠨ ᠨᠠᠷᠢᠨ ᠳᠦᠷᠢᠮ︾ ᠪᠣᠯᠣᠨ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠵᠤ᠂ ᠬᠢᠨᠠᠨ ᠰᠢᠯᠭᠠᠬᠤ ᠠᠭᠤᠯᠭ᠎ᠠ ᠪᠠᠷᠢᠮᠵᠢᠶ᠎ᠠ ᠶᠢ ᠨᠠᠷᠢᠯᠢᠭᠵᠢᠭᠤᠯᠤᠨ ᠲᠣᠳᠣᠷᠬᠠᠶᠢᠯᠠᠪᠠ᠃ ᠡᠭᠦᠨ ᠤ ᠬᠠᠮᠲᠤ᠂  ᠲᠤᠰᠬᠠᠢ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠪᠥᠬᠦ ᠪᠠᠯᠭᠠᠰᠤᠨ ᠤ 19 ᠲᠣᠰᠬᠤᠨ ᠳᠤ ᠬᠢᠨᠠᠨ ᠰᠢᠯᠭᠠᠯᠲᠠ ᠬᠢᠵᠦ᠂ ᠬᠢᠨᠠᠨ ᠰᠢᠯᠭᠠᠬᠤ ᠪᠠᠷᠢᠮᠵᠢᠶ᠎ᠠ ᠶᠢ ᠨᠠᠷᠢᠯᠢᠭᠵᠢᠭᠤᠯᠬᠤ ᠪᠠᠷ ᠲᠠᠮᠵᠢᠭᠠᠳ᠂ ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠷᠢᠯᠢᠭ ᠣᠨᠣᠴᠠᠲᠠᠢ ᠬᠠᠮᠢᠶᠠᠷᠤᠯᠳᠠ ᠶᠢ ᠪᠡᠶᠡᠯᠡᠬᠦᠯᠵᠡᠢ᠃ ᠬᠤᠶᠠᠷ ᠲᠤ  ᠂ ᠪᠤᠰᠤᠳᠴᠢ ᠪᠥᠭᠡᠳ ᠲᠥᠪ ᠭᠤᠣᠯᠴᠢ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠪᠠ ᠣᠯᠠᠨ ᠲᠦᠮᠡᠨ ᠨᠡᠶᠢᠲᠡ ᠪᠠᠷ ᠢᠶᠠᠨ ᠮᠡᠳᠡᠷᠡᠬᠦ ᠵᠠᠷᠴᠢᠮ ᠢ ᠪᠠᠷᠢᠮᠲᠠᠯᠠᠵᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠣᠶᠢᠯᠠᠭᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠦᠨᠳᠦᠰᠦᠲᠡᠨ ᠨᠢᠭᠡᠳᠦᠮᠡᠯ ᠹᠷᠣᠨᠲ᠂ ᠶᠡᠷᠦᠩᠬᠡᠶᠢᠯᠡᠨ ᠵᠠᠰᠠᠬᠤ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ  ᠂ ᠬᠢᠨᠠᠨ ᠰᠢᠯᠭᠠᠬᠤ ᠨᠠᠷᠢᠨ ᠳᠦᠷᠢᠮ ᠲᠠᠢ ᠬᠠᠷᠢᠴᠠᠭᠤᠯᠤᠨ᠂ ᠵᠤᠷᠪᠤᠰ ᠳᠠᠷᠠᠭᠠᠯᠠᠨ ᠬᠠᠷᠭᠤᠭᠤᠯᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠡᠶᠡᠯᠡᠬᠦᠯᠪᠡ᠃  ᠭᠤᠷᠪᠠ ᠳᠤ᠂  ︽ᠭᠠᠴᠠᠭ᠎ᠠ ᠲᠣᠰᠬᠤᠨ ᠤ ᠺᠠᠳ᠋ᠷ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠠᠷᠭ᠎ᠠ︾ ᠶᠢ ᠴᠢᠩᠭ᠎ᠠ ᠵᠢᠷᠤᠮᠯᠠᠨ᠂ ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ ᠳᠦᠷᠢᠮ ᠢ  ᠭᠡᠷᠡᠭᠵᠢᠬᠦᠯᠦᠨ᠂ ᠬᠢᠨᠠᠨ ᠰᠢᠯᠭᠠᠯᠲᠠ ᠶᠢ ᠲᠣᠰᠬᠤᠨ ᠤ ᠺᠠᠳ᠋ᠷ ᠤᠨ ᠠᠵᠢᠯ ᠬᠢᠵᠦ ᠦᠢᠯᠡᠰ ᠪᠦᠳᠦᠬᠡᠬᠦ ︽ᠬᠥᠳᠡᠯᠭᠡᠭᠦ ᠬᠦᠴᠦᠨ ᠤ ᠡᠬᠢ ᠰᠤᠷᠪᠤᠯᠵᠢ︾  ᠪᠤᠯᠭᠠᠭᠰᠠᠨ ᠪᠠᠶᠢᠨ᠎ᠠ᠃ ᠠᠵᠢᠯ   ᠤᠨ ᠪᠦᠳᠦᠮᠵᠢ ᠪᠠᠷ ᠠᠨᠠᠢ ᠲᠤᠰᠬᠤᠨ ᠤ ᠺᠠᠳ᠋ᠷᠴᠤᠳ ᠲᠠᠢ  ᠪᠣᠯᠵᠣᠨ ᠶᠠᠷᠢᠯᠴᠠᠵᠤ᠂  ᠴᠡᠭᠴᠡᠯᠡᠨ ᠰᠠᠶᠢᠵᠢᠷᠠᠭᠤᠯᠬᠤ ᠴᠠᠭ ᠲᠣᠭᠲᠠᠭᠠᠨ  ᠂  ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ ᠠᠷᠭ᠎ᠠ ᠪᠠᠷ ᠳᠤᠲᠠᠭᠤᠳᠠᠯ ᠢ ᠨᠢ ᠨᠥᠬᠦᠪᠦᠷᠢᠯᠡᠵᠦ᠂  ᠪᠠᠭᠤᠷᠠᠢ ᠶᠢ ᠨᠢ  ᠬᠦᠴᠦᠷᠭᠡᠭᠵᠢᠬᠦᠯᠦᠨ᠂ ᠴᠢᠳᠠᠪᠤᠷᠢ ᠶᠢ ᠨᠢ  ᠲᠡᠭᠡᠭᠰᠢᠯᠡᠬᠦᠯᠵᠡᠢ᠃ ᠡᠨᠡ  ᠤᠳᠠᠭᠠᠨ ᠤ  ᠬᠢᠨᠠᠨ ᠰᠢᠯᠭᠠᠯᠲᠠ ᠪᠠᠷ ᠲᠠᠮᠵᠢᠭᠠᠳ᠂ ᠡᠯ᠎ᠡ ᠲᠣᠰᠬᠤᠨ ᠤ ᠪᠥᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠪᠠᠶᠢᠴᠠᠭᠠᠨ ᠤᠶᠢᠯᠠᠭᠠᠵᠤ᠂ ᠠᠰᠠᠭᠤᠳᠠᠯ ᠪᠠ ᠵᠥᠷᠢᠶ᠎ᠡ ᠶᠢ ᠣᠨᠣᠪᠴᠢᠲᠠᠶ ᠡᠷᠢᠨ ᠭᠠᠷᠭᠠᠵᠤ᠂ ᠠᠵᠢᠯ ᠤᠨ  ᠰᠡᠳᠬᠢᠴᠡ ᠶᠢ ᠲᠣᠳᠣᠷᠬᠠᠢ ᠪᠣᠯᠭᠠᠭᠠᠳ᠂ 2023 ᠣᠨ ᠤ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号