ᠠᠵᠢᠯᠯᠠᠵᠤ ᠦᠢᠯᠡᠴᠢᠯᠡᠬᠦ ᠴᠠᠭ ᠢᠶᠠᠨ ᠤᠷᠳᠤᠳᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠎ᠡ
ᠨᠡᠶᠢᠲᠡᠯᠡᠭᠰᠡᠨ ᠴᠠᠭ᠄
2023/2/17
    ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠢᠯᠡᠴᠢᠯᠡᠭᠡᠨ ᠤ ᠵᠠᠭᠪᠤᠷ᠂  ᠡᠩᠨᠡᠭᠡᠨ ᠤ ᠪᠠᠶᠢᠭᠤᠯᠤᠯᠲᠠ᠂ ᠦᠢᠯᠡᠴᠢᠯᠡᠭᠡᠨ ᠤ ᠠᠷᠭ᠎ᠠ᠂ ᠠᠵᠢᠯ ᠤᠨ ᠰᠤᠷᠲᠠᠯ ᠵᠡᠷᠭᠡ ᠳᠥᠷᠪᠡᠨ ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ  ᠰᠢᠯᠢᠳᠡᠭᠵᠢᠬᠦᠯᠵᠦ ᠪᠠᠶᠢᠨ᠎ᠠ᠃ ᠣᠶᠢᠷ᠎ᠠ ᠳᠤ᠂ ᠰᠤᠷᠪᠤᠯᠵᠢᠯᠠᠭᠴᠢ  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠬᠦ ᠳᠤ᠂ ᠬᠡᠳᠦᠶᠢᠪᠡᠷ ᠠᠵᠢᠯ ᠠᠴᠠ ᠪᠠᠭᠤᠬᠤ ᠴᠠᠭ ᠪᠣᠯᠤᠭᠰᠠᠨ ᠪᠠᠶᠢᠪᠠᠴᠤ ᠴᠥᠭᠡᠨ ᠪᠤᠰᠤ ᠦᠢᠯᠡᠴᠢᠯᠡᠭᠡᠨ ᠤ ᠲᠠᠪᠴᠠᠩ   ᠨᠢ ᠪᠠᠰᠠ ᠡᠮᠬᠢ ᠵᠢᠷᠤᠮ ᠲᠠᠢ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ  ᠪᠠᠶᠢᠯ᠎ᠠ᠂ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠡᠷᠡᠭᠵᠢᠭᠦᠯᠦᠭᠰᠡᠨ ︽ᠴᠠᠭ ᠤᠷᠲᠤᠳᠬᠠᠵᠤ ᠦᠢᠯᠡᠴᠢᠯᠡᠬᠦ︾ ᠠᠵᠢᠯ ᠤᠨ ᠲᠣᠭᠲᠠᠴᠠ   ᠠᠴᠠ ᠪᠣᠯᠤᠭᠰᠠᠨ ᠶᠤᠮ᠃  ᠲᠤᠰ ᠲᠢᠩᠬᠢᠮ ᠨᠢ ︽ᠴᠠᠭ ᠤᠷᠲᠤᠳᠬᠠᠨ ᠦᠢᠯᠡᠴᠢᠯᠡᠬᠦ︾ ᠠᠷᠭ᠎ᠠ ᠶᠢ ᠭᠡᠷᠡᠭᠵᠢᠬᠦᠯᠦᠭᠡᠳ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠦᠬᠦᠮ ᠦᠵᠡᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ  ᠨᠡᠪᠳᠡᠷᠡᠬᠦᠯᠵᠡᠢ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠶᠡᠷᠦᠩᠬᠡᠶᠢᠯᠡᠭᠰᠡᠨ ᠲᠠᠪᠴᠠᠩ ᠤᠨ ᠭᠤᠣᠯ ᠬᠠᠮᠢᠶᠠᠷᠤᠭᠴᠢ ᠸᠠᠩ ᠵᠢᠶᠠ ᠴᠢ᠄ ︽ᠪᠦᠬᠦ ᠣᠷᠣᠨ᠂ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ  ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ ᠢ ᠪᠣᠶ ᠪᠤᠯᠭᠠᠬᠤ ᠶᠢᠨ ᠲᠦᠯᠦᠭᠡ᠂ ᠪᠢᠳᠡ  ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠴᠠᠭ ᠢ ᠤᠷᠲᠤᠳᠬᠠᠬᠤ ᠦᠢᠯᠡᠴᠢᠯᠡᠭᠡ ᠵᠢᠴᠢ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠵᠤ᠂ ᠣᠯᠠᠨ ᠲᠦᠮᠡᠨ ᠢ ᠳᠤᠲᠠᠭᠤ ᠬᠦᠶᠦᠯᠭᠡᠨ᠂  ᠤᠴᠢᠷ  ᠶᠠᠪᠤᠳᠠᠯ ᠢ ᠲᠦᠷᠭᠡᠨ ᠬᠦᠢᠴᠡᠳᠭᠡᠵᠦ  ᠂ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠠᠶᠢᠨ᠎ᠠ︾᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠦᠢᠯᠡᠴᠢᠯᠡᠭᠡᠨ ᠤ ᠬᠡᠯᠲᠡᠰ ᠤᠨ ᠡᠷᠬᠢᠯᠡᠭᠴᠢ ᠾᠧ ᠱᠤ᠋ ᠰᠢᠨ᠄ ︽ᠠᠵᠢᠯᠯᠠᠬᠤ ᠴᠠᠭ ᠲᠤ ᠭᠦᠢᠴᠡᠳᠬᠡᠬᠦ ᠴᠢᠯᠦᠭᠡ ᠦᠭᠡᠢ︾᠂ ︽ᠠᠮᠠᠷᠠᠬᠤ ᠴᠠᠭ ᠲᠤ ᠭᠦᠢᠴᠡᠳᠬᠡᠬᠦ ᠭᠠᠵᠠᠷ ᠦᠭᠡᠢ︾  ᠪᠠᠶᠢᠳᠠᠭ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠮᠠᠨ ᠤ ᠦᠢᠯᠡᠴᠢᠯᠡᠭᠡᠨ ᠤ ᠬᠡᠯᠲᠡᠰ ᠨᠢ 2023 ᠣᠨ ᠤ 2 ᠰᠠᠷ᠎ᠠ ᠶᠢᠨ 18 ᠤ ᠡᠳᠦᠷ ᠠᠴᠠ ᠡᠬᠢᠯᠡᠨ ︽ᠭᠠᠷᠠᠭ ᠤᠨ ᠵᠢᠷᠭᠤᠭᠠᠨ ᠤ ᠴᠠᠭ ᠢ ᠤᠷᠲᠤᠳᠬᠠᠬᠤ ᠦᠢᠯᠡᠴᠢᠯᠡᠭᠡ︾ ᠭᠡᠷᠡᠭᠵᠢᠬᠦᠯᠪᠡ᠃ ᠲᠤᠬᠠᠶᠢᠯᠠᠪᠠᠯ ᠭᠠᠷᠠᠭ ᠤᠨ ᠵᠢᠷᠭᠤᠭᠠᠨ ᠤ ᠦᠳᠡ ᠶᠢᠨ ᠡᠮᠦᠨᠡᠬᠢ 8᠄ 30 ︱ 12᠄ 00 ᠴᠠᠭ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠴᠣᠩᠬᠤᠨ ᠳᠤ ᠰᠦᠯᠵᠢᠶᠡᠨ ᠠᠴᠠ ᠭᠠᠳᠠᠨᠠᠬᠢ ᠲᠤᠬᠠᠶᠢᠯᠠᠭᠰᠠᠨ ᠠᠵᠢᠯ ᠢ ᠬᠦᠢᠴᠡᠳᠭᠡᠵᠦ ᠪᠤᠯᠤᠨ᠎ᠠ︾᠃     ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠤᠷᠢᠳᠴᠢᠯᠠᠨ ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ︽ ᠬᠦᠢᠴᠡᠳᠭᠡᠵᠦ ᠲᠠᠭᠤᠰᠬᠤ ᠦᠭᠡᠢ ᠪᠣᠯ ᠠᠵᠢᠯ ᠠᠴᠠ ᠪᠠᠭᠤᠬᠤ ᠦᠭᠡᠢ᠂ ᠬᠥᠮᠥᠨ ᠶᠠᠪᠤᠬᠤ ᠦᠭᠡᠢ ᠪᠣᠯ ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠡᠶᠡᠯᠡᠬᠦᠯᠦᠨ᠂ ᠠᠵᠢᠯ ᠤᠨ ᠴᠠᠭ ᠢᠶᠠᠨ ᠤᠷᠳᠤᠳᠬᠠᠬᠤ ᠦᠢᠯᠡᠴᠢᠯᠡᠭᠡ ᠶᠢ ᠠᠮᠠᠷᠠᠯᠲᠠ ᠶᠢᠨ ᠡᠳᠦᠷ ᠤᠨ ᠤᠷᠢᠳᠴᠢᠯᠠᠨ ᠪᠣᠯᠵᠣᠬᠤ ᠦᠢᠯᠡᠴᠢᠯᠡᠭᠡ ᠲᠠᠢ ᠤᠶᠠᠯᠳᠤᠭᠤᠯᠵᠤ᠂ ︽5 + 2︾  ᠬᠡᠪᠰᠢᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠂  ᠠᠵᠢᠯ ᠤᠨ ᠪᠤᠰᠤ ᠴᠠᠭ ᠲᠤ ︽ ᠪᠦᠲᠦᠭᠡᠵᠦ ᠳᠡᠶᠢᠯᠬᠦ᠂  ᠪᠦᠲᠦᠭᠡᠬᠦ ᠳᠤ ᠠᠮᠠᠷ︾ ᠪᠠᠶᠢᠬᠤ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号