ᠡᠪᠯᠡᠯ ᠤᠨ ᠬᠤᠷᠢᠶ᠎ᠠ ᠠᠴᠠ ᠵᠤᠬᠢᠶᠠᠨ ᠪᠠᠶᠢᠭᠤᠯᠤᠭᠰᠠᠨ ᠡᠪᠦᠯ ᠤᠨ ᠠᠮᠠᠷᠠᠯᠲᠠ ᠶᠢᠨ ᠨᠠᠶᠢᠳᠠᠨ ᠬᠠᠮᠢᠶᠠᠷᠬᠤ ᠠᠩᠬᠢ
ᠨᠡᠶᠢᠲᠡᠯᠡᠭᠰᠡᠨ ᠴᠠᠭ᠄
2023/2/17
   ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠪᠠᠭᠠᠴᠤᠳ ᠲᠤ ᠦᠢᠯᠡᠴᠢᠯᠡᠬᠦ ᠴᠢᠳᠠᠪᠬᠢ ᠶᠢ ᠭᠦᠢᠴᠡᠳ ᠪᠠᠳᠠᠷᠠᠭᠤᠯᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ︽ ᠵᠠᠯᠠᠭᠤᠴᠤᠳ ᠲᠤ ᠪᠣᠳᠠᠲᠠᠢ ᠶᠠᠪᠤᠳᠠᠯ ᠬᠢᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠭᠠᠴᠤᠳ ᠬᠡᠦᠬᠡᠳ ᠢ ᠬᠠᠪᠰᠤᠷᠤᠨ  ᠲᠡᠬᠦᠯᠳᠡᠷ ᠰᠠᠶᠢᠬᠠᠨ  ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠦᠩᠬᠡᠷᠡᠬᠦᠯᠬᠦ ᠶᠢᠨ ᠲᠤᠰᠠᠳᠠ᠂  ᠲᠠᠶᠢᠹᠥᠰᠧ ᠬᠤᠰᠢᠭᠤᠨ ᠤ ᠡᠪᠯᠡᠯ ᠤᠨ ᠬᠤᠷᠢᠶ᠎ᠠ ᠨᠢ ᠤᠶᠢᠷ᠎ᠠ ᠳᠤ ᠨᠢᠬᠡ ᠪᠦᠯᠦᠭ ᠶᠡᠭᠡ ᠰᠤᠷᠭᠠᠭᠤᠯᠢ ᠶᠢᠨ ᠣᠶᠤᠲᠠᠳ ᠢᠶᠠᠷ ᠪᠦᠷᠢᠯᠳᠦᠭᠰᠡᠨ  ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠲᠠᠶᠢᠹᠥᠰᠧ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠲᠦᠰᠢᠭᠯᠡᠨ ︽ ᠦᠩᠭᠡ ᠢᠯᠭᠠᠷᠠᠭᠰᠠᠨ ᠠᠮᠠᠷᠠᠯᠳᠠ ᠶᠢᠨ ᠬᠤᠭᠤᠴᠠᠭ᠎ᠠ  ︾  ᠨᠠᠶᠢᠳᠠᠨ ᠬᠠᠮᠢᠶᠠᠷᠤᠭᠤᠯᠬᠤ ᠠᠵᠢᠯᠯᠠᠭ᠎ᠠ ᠶᠢ ᠦᠷᠨᠢᠬᠦᠯᠦᠭᠡᠳ᠂  ᠪᠢᠴᠢᠬᠠᠨ ᠨᠠᠶᠢᠵᠠ ᠨᠠᠷ ᠲᠠᠢ ᠬᠠᠮᠲᠤ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠦᠩᠭᠡᠷᠡᠬᠦᠯᠵᠦ ᠪᠠᠶᠢᠨ᠎ᠠ᠃ ᠣᠶᠤᠲᠠᠳ ᠠᠴᠠ ᠬᠡᠦᠬᠡᠳ ᠤᠳ ᠢ ᠳᠠᠭᠠᠭᠤᠯᠤᠨ ᠭᠠᠷ ᠤᠷᠠᠯᠠᠯ᠂ ᠤᠷᠠᠨ ᠵᠢᠷᠤᠭ᠂ ᠶᠠᠷᠢᠶ᠎ᠠ ᠢᠯᠡᠳᠬᠡᠯ᠂  ᠤᠩᠰᠢᠯᠭ᠎ᠠ ᠤᠶᠠᠩᠭᠠᠯᠠᠯ᠂   ᠳᠠᠭᠤᠤ ᠬᠥᠭᠵᠢᠮ  ᠵᠢᠭᠠᠵᠤ᠂  ᠪᠠᠶᠠᠷ ᠪᠠᠶᠠᠰᠬᠤᠯᠠᠩ ᠲᠠᠢ ᠮᠠᠷᠲᠠᠭᠳᠠᠰᠢ ᠦᠭᠡᠢ ᠠᠮᠠᠷᠠᠯᠲᠠ ᠶᠢᠨ ᠬᠤᠭᠤᠴᠠᠭ᠎ᠠ ᠶᠢ ᠦᠩᠭᠡᠷᠡᠬᠦᠯᠦᠭᠡᠳ᠂  ᠪᠠᠭᠠᠴᠤᠳ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂  ᠭᠡᠷ ᠤᠨ ᠠᠬᠠᠮᠠᠳ ᠤᠨ ᠠᠮᠠᠷᠠᠯᠲᠠ ᠶᠢᠨ ᠬᠤᠭᠤᠴᠠᠭᠠᠨ ᠳᠠᠬᠢ ᠲᠠᠷᠤᠭᠠᠰᠤ ᠶᠢ ᠵᠤᠬᠢ ᠬᠡᠮᠵᠢᠶ᠎ᠡ ᠪᠠᠷ ᠬᠦᠩᠭᠡᠯᠡᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号