ᠲᠠᠶᠢᠹᠤᠰᠧ ᠬᠤᠰᠢᠭᠤ 6683 ᠬᠥᠮᠥᠨ ᠤᠳᠠᠭ᠎ᠠ ᠶᠢᠨ ᠠᠶᠠᠨᠴᠢᠳ ᠤᠨ ᠵᠦᠭᠡᠭᠡᠪᠦᠷᠢ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/2/20
    2 ᠰᠠᠷ᠎ᠠ ᠶᠢᠨ 15  ᠤ ᠡᠳᠦᠷ᠂ 40 ᠡᠳᠦᠷ ᠤᠨ ᠬᠤᠭᠤᠴᠠᠭ᠎ᠠ ᠲᠠᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠠᠮᠵᠢᠯᠲᠠ ᠲᠠᠢ  ᠲᠡᠬᠦᠰᠦᠯ᠎ᠡ᠃ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠪᠣᠯ ᠬᠢᠵᠢᠭ ᠰᠡᠷᠭᠡᠶᠢᠯᠡᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠶᠢᠨ ᠵᠥᠭᠡᠭᠡᠪᠦᠷᠢ ᠪᠤᠯᠤᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ ᠠᠷᠠᠳ ᠤᠯᠠᠨ ᠢ ᠠᠮᠤᠷ ᠲᠦᠪᠰᠢᠨ᠂ ᠡᠷᠡᠭᠦᠯ ᠡᠩᠬᠡ᠂ ᠳᠥᠭᠦᠮ ᠳᠥᠲᠡ  ᠠᠶᠠᠯᠠᠭᠤᠯᠬᠤ ᠶᠢᠨ ᠲᠥᠯᠥᠭᠡ᠂   ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ   ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠴᠢᠩᠭᠠᠳᠬᠠᠨ᠂  ᠲᠡᠭᠡᠭᠡᠪᠦᠷᠢ ᠶᠢᠨ ᠠᠵᠤ ᠠᠬᠤᠶᠢᠯᠠᠯ᠂  ᠵᠢᠯᠤᠭᠤᠴᠢ ᠶᠢᠨ ᠰᠤᠷᠭᠠᠭᠤᠯᠢ  ᠂ ᠰᠡᠯᠪᠢᠨ ᠵᠠᠰᠠᠬᠤ ᠠᠵᠤ ᠠᠬᠤᠶᠢᠯᠠᠯ᠂   ᠵᠠᠰᠠᠮᠠᠯ ᠵᠠᠮ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠪᠠᠶᠠᠷ ᠤᠨ ᠡᠳᠦᠷ ᠤᠨ ᠡᠮᠦᠨ᠎ᠡ ᠬᠤᠶᠢᠨᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠦᠷᠨᠢᠬᠦᠯᠦᠨ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠬᠠᠤᠯᠢ ᠬᠡᠷᠡᠭᠵᠢᠭᠦᠯᠬᠦ ᠤᠳᠠᠭ᠎ᠠ ᠲᠠᠷᠠᠭ᠎ᠠ ᠶᠢ ᠨᠡᠮᠡᠭᠳᠡᠭᠦᠯᠵᠦ᠂  ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂  ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ  ᠴᠢᠩᠭᠠᠷᠠᠭᠤᠯᠤᠭᠠᠳ᠂ ᠵᠠᠮ ᠱᠤᠭᠤᠮ  ᠢ  ᠴᠠᠭ ᠲᠤᠬᠠᠢ ᠳᠤᠨᠢ  ᠨᠡᠪᠳᠡᠷᠡᠬᠦᠯᠵᠦ᠂ ᠣᠯᠠᠨ ᠲᠦᠮᠡᠨ ᠤ ᠠᠮᠤᠷ ᠲᠦᠪᠰᠢᠨ ᠬᠠᠷᠰᠢ ᠰᠠᠭᠠᠳ ᠦᠬᠡᠢ ᠶᠠᠪᠤᠵᠤ ᠰᠠᠭᠤᠬᠤ ᠶᠢ ᠪᠠᠳᠤᠯᠠᠭᠰᠠᠨ ᠪᠠᠶᠢᠨ᠎ᠠ᠃ ᠡᠶᠢᠨ ᠬᠦ᠋᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠲᠤ ᠬᠤᠰᠢᠭᠤ ᠨᠢ ᠨᠡᠶᠢᠲᠡ 6683 ᠬᠥᠮᠥᠨ ᠤᠳᠠᠭ᠎ᠠ ᠶᠢᠨ ᠠᠶᠠᠨᠴᠢᠳ ᠢ  ᠵᠦᠬᠡᠬᠡᠪᠦᠷᠢᠯᠡᠭᠡᠳ᠂  ᠠᠶᠠᠨᠴᠢᠳ ᠤᠨ ᠵᠦᠭᠡᠭᠡᠪᠦᠷᠢ ᠶᠢᠨ ᠲᠠᠯ᠎ᠠ  ᠪᠠᠷ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠭᠠᠷᠤᠭᠰᠠᠨ ᠦᠭᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号