ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠲᠠᠶᠢᠹᠤᠰᠧ ᠬᠤᠰᠢᠭᠤᠨ ᠳᠤ ᠡᠮ ᠤᠨ ᠵᠦᠢᠯ ᠬᠠᠨᠳᠢᠪᠯᠠᠭᠰᠠᠨ
ᠨᠡᠶᠢᠲᠡᠯᠡᠭᠰᠡᠨ ᠴᠠᠭ᠄
2023/2/20
   2 ᠰᠠᠷ᠎ᠠ ᠶᠢᠨ 17 ᠤ ᠡᠳᠦᠷ ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠱᠠᠩᠬᠠᠢ ᠶᠢᠨ ᠹᠦ᠋ ᠰᠢᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠤᠯᠪᠤᠭᠠᠯᠠᠨ᠂ ᠲᠠᠶᠢᠹᠤᠰᠧ ᠬᠤᠰᠢᠭᠤᠨ ᠳᠤ 1000 ᠯᠣᠩᠬᠤ ᠡᠮ ᠬᠦᠷᠭᠡᠵᠡᠢ᠃  ᠳᠡᠳ᠋  ᠬᠤᠰᠢᠭᠤ ᠳᠠᠷᠤᠭ᠎ᠠ ᠰᠢᠦᠢ ᠢ ᠱᠢ ᠬᠠᠨᠳᠢᠪ ᠤᠨ ᠶᠣᠰᠣᠯᠠᠯ ᠳᠤ ᠣᠷᠣᠯᠴᠠᠪᠠ᠃  ᠲᠤᠰ ᠡᠮ ᠨᠢ ᠭᠤᠣᠯᠳᠠᠭᠤ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢ ᠠᠪᠤᠭᠰᠠᠨ ᠡᠪᠡᠳᠴᠢᠲᠡᠨ ᠢ ᠡᠮᠨᠡᠨ ᠵᠠᠰᠠᠬᠤ ᠳᠤ ᠭᠡᠷᠡᠭᠯᠡᠳᠡᠭ ᠂ ᠢᠯᠠᠩᠭᠤᠶ᠎ᠠ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠢᠷᠦ᠋ᠰ ᠲᠤ ᠬᠠᠯᠳᠠᠪᠤᠷᠢᠯᠠᠭᠳᠠᠭᠰᠠᠨ ᠡᠬᠢᠨ ᠤ ᠬᠤᠭᠤᠴᠠᠭᠠᠨ ᠳᠤ ᠣᠨᠴᠠ ᠦᠢᠯᠡᠳᠦᠯ ᠲᠠᠢ ᠡᠮ ᠤᠨ ᠵᠦᠢᠯ  ᠪᠤᠯᠤᠨ᠎ᠠ᠃  ᠡᠳᠡᠭᠡᠷ ᠡᠮ  ᠤᠨ 70 % ᠶᠢ ᠨᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠠᠷᠬᠠᠭᠠᠨ᠂ ᠦᠯᠡᠳᠡᠭᠰᠡᠨ ᠢ ᠨᠢ ᠬᠤᠰᠢᠭᠤ ᠡᠮᠨᠡᠯᠭᠡ ᠶᠢᠨ ᠬᠤᠷᠢᠶ᠎ᠠ ᠳᠤ ᠬᠦᠷᠭᠡᠵᠦ᠂ ᠡᠮᠨᠡᠯᠭᠡ ᠶᠢᠨ ᠠᠵᠢᠯᠲᠠᠨ ᠠᠴᠠ ᠡᠪᠡᠳᠴᠢᠲᠡᠨ ᠤ ᠪᠠᠶᠢᠳᠠᠯ ᠢ ᠦᠨᠳᠦᠰᠦᠯᠡᠨ᠂  ᠭᠡᠷᠡᠭᠴᠡᠭᠡ ᠲᠠᠢ ᠣᠯᠠᠨ ᠲᠦᠮᠡᠨ ᠳᠤ ᠬᠠᠩᠭᠠᠬᠤ ᠪᠠᠷ ᠪᠠᠶᠢᠨ᠎ᠠ᠃  ᠡᠨᠡ  ᠤᠳᠠᠭᠠᠨ ᠤ ᠡᠮ ᠬᠠᠨᠳᠢᠪᠯᠠᠬᠤ ᠠᠵᠢᠯᠯᠠᠭ᠎ᠠ ᠨᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠪᠣᠯᠣᠨ ᠹᠦ᠋ ᠰᠢᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ  ᠠᠴᠠ ᠲᠠᠶᠢᠹᠤᠰᠧ ᠬᠤᠰᠢᠭᠤᠨ ᠤ ᠠᠷᠠᠳ ᠤᠯᠠᠨ ᠳᠤ ᠦᠵᠡᠭᠦᠯᠦᠭᠰᠡᠨ ᠬᠠᠶᠢᠷ᠎ᠠ ᠬᠠᠯᠠᠮᠵᠢ ᠶᠢ ᠢᠯᠡᠳᠬᠡᠵᠦ᠂  ᠲᠤᠰ ᠬᠤᠰᠢᠭᠤᠨ ᠤ ᠭᠤᠣᠯᠳᠠᠯᠭ᠎ᠠ ᠲᠠᠢ ᠬᠥᠮᠥᠰ ᠤᠨ ᠡᠮ ᠬᠡᠷᠡᠭᠯᠡᠬᠦ ᠳᠤ ᠪᠠᠲᠤᠯᠠᠭ᠎ᠠ ᠪᠤᠯᠵᠠᠢ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ  ᠬᠢᠨ ᠡᠮ ᠤᠨ ᠵᠦᠢᠯ ᠢ  ᠡᠮᠬᠢ ᠲᠢᠭᠯᠡᠮ ᠲᠠᠢ ᠲᠦᠭᠡᠭᠡᠵᠦ  ᠬᠡᠷᠡᠭᠯᠡᠬᠦ ᠶᠢ ᠦᠨᠡᠨ ᠬᠦ ᠪᠠᠳᠤᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号