ᠲᠠᠶᠢᠹᠤᠰᠧ ᠬᠤᠰᠢᠭᠤᠨ ᠳᠤ ᠠᠵᠢᠯᠴᠢᠨ ᠡᠯᠰᠡᠬᠦ ᠴᠤᠭᠯᠠᠭᠠᠨ ᠪᠤᠯᠪᠠ
ᠨᠡᠶᠢᠲᠡᠯᠡᠭᠰᠡᠨ ᠴᠠᠭ᠄
2023/2/20
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ᠂  ᠠᠵᠢᠯ ᠤᠯᠬᠤ ᠶᠢ ᠲᠤᠭᠳᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠤᠲᠤᠭ ᠲᠠᠭᠠᠨ ᠪᠤᠴᠠᠭᠰᠠᠨ ᠬᠥᠯᠥᠰᠦᠨ ᠠᠵᠢᠯᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠬᠥᠳᠡᠯᠮᠦᠷᠢᠴᠢᠳ ᠤᠨ ᠠᠵᠢᠯ ᠣᠯᠵᠤ ᠦᠢᠯᠡᠰ ᠪᠦᠳᠦᠭᠡᠬᠦ ᠳᠤ ᠬᠠᠪᠰᠤᠷᠤᠯᠭ᠎ᠠ ᠲᠡᠮᠵᠢᠯᠭᠡ ᠦᠵᠡᠬᠦᠯᠬᠦ ᠶᠢᠨ ᠲᠦᠯᠦᠭᠡ᠂ 2 ᠰᠠᠷ᠎ᠠ ᠶᠢᠨ 17  ᠤ ᠡᠳᠦᠷ᠂  ᠲᠠᠶᠢᠹᠤᠰᠧ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠭᠠᠭᠠᠴᠢᠯᠠᠨ ᠡᠷᠬᠢᠯᠡᠭᠰᠡᠨ ᠲᠠᠶᠢᠹᠤᠰᠧ ᠬᠤᠰᠢᠭᠤᠨ ᠤ 2023 ᠣᠨ ᠤ ︽ᠤᠷᠢᠬᠠᠨ ᠰᠠᠯᠬᠢ︾ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠵᠢᠯᠴᠢᠨ ᠡᠯᠰᠡᠬᠦ ᠴᠤᠭᠯᠠᠭᠠᠨ ᠰᠣᠶᠣᠯ ᠤᠨ ᠲᠣᠮᠣ ᠠᠰᠠᠷ ᠤᠨ ᠦᠳᠦᠨ ᠪᠥᠮᠪᠦᠭᠡ ᠶᠢᠨ ᠣᠷᠳᠣᠨ ᠳᠤ ᠶᠠᠪᠤᠭᠳᠠᠪᠠ᠃  ᠠᠵᠢᠯᠴᠢᠨ ᠡᠯᠰᠡᠬᠦ ᠴᠤᠭᠯᠠᠭᠠᠨ ᠤ ᠠᠬᠤᠢ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠠᠵᠢᠯ ᠡᠷᠢᠭᠰᠡᠳ ᠪᠠ ᠠᠵᠤ ᠠᠬᠤᠶᠢᠯᠠᠯ ᠤᠨ ᠬᠢᠨ ᠴᠠᠯᠢᠩ ᠬᠥᠯᠥᠰᠦ᠂ ᠮᠡᠷᠭᠡᠵᠢᠯ ᠤᠨ ᠱᠠᠭᠠᠷᠳᠠᠯᠭ᠎ᠠ᠂ ᠠᠰᠠᠷᠠᠮᠵᠢ ᠬᠠᠷᠠᠭᠠᠯᠵᠠᠯ ᠵᠡᠷᠭᠡ ᠠᠵᠢᠯᠲᠠᠨ ᠡᠯᠰᠡᠬᠦ ᠨᠥᠬᠦᠴᠡᠯ ᠤᠨ ᠲᠠᠯ᠎ᠠ ᠪᠠᠷ ᠠᠰᠠᠭᠤᠨ ᠰᠣᠯᠢᠯᠴᠠᠵᠤ᠂ ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠤᠨ ᠪᠠᠶᠢᠷᠢ ᠡᠷᠢᠵᠦ᠂  ᠮᠡᠳᠡᠭᠡ ᠵᠠᠩᠬᠢ ᠪᠠᠨ ᠲᠠᠩᠰᠠᠯᠠᠭᠤᠯᠵᠤ  ᠪᠠᠶᠢᠯ᠎ᠠ᠃     ᠠᠵᠢᠯ ᠡᠷᠢᠭᠴᠢ ᠨᠢᠶᠧ ᠷᠦᠢ ᠫᠧᠩ᠄ ︽ ᠰᠢᠯᠢᠳᠡᠭ ᠠᠵᠤ ᠠᠬᠤᠶᠢᠯᠠᠯ ᠵᠦᠩᠳᠡᠭᠡᠨ ᠪᠤᠢ᠂ ᠰᠢᠯᠢᠳᠡᠭ ᠠᠵᠢᠯ ᠤᠨ ᠪᠠᠶᠢᠷᠢ ᠴᠤ ᠮᠠᠰᠢ ᠤᠯᠠᠨ ᠪᠠᠶᠢᠭ᠎ᠠ᠃  ᠮᠢᠨᠦ ᠬᠤᠪᠢ ᠳᠤ ᠴᠠᠬᠢᠯᠭᠠᠨ ᠬᠡᠷᠡᠭᠰᠡᠯ ᠤᠨ ᠠᠵᠢᠯ ᠲᠦᠷᠦᠯ ᠪᠤᠶᠤ ᠺᠣᠮᠫᠢᠦ᠋ᠲ᠋ᠧᠷ ᠤᠨ ᠠᠵᠢᠯ ᠲᠦᠷᠦᠯ ᠂ ᠡᠰᠡᠬᠦᠯ᠎ᠡ ᠬᠠᠮᠢᠶᠠᠷᠤᠯᠲᠠ ᠶᠢᠨ ᠠᠵᠢᠯ ᠲᠦᠷᠦᠯ ᠤᠯᠵᠤ ᠬᠢᠬᠦ ᠶᠢ ᠬᠦᠰᠡᠨ᠎ᠡ᠃  ᠴᠠᠯᠢᠩ ᠣᠯᠭᠤᠮᠵᠢ ᠶᠢᠨ ᠲᠠᠯᠠᠪᠠᠷ ᠬᠠᠮᠤᠭ ᠰᠠᠶᠢᠨ ᠨᠢ ᠲᠠᠪᠤᠨ ᠳᠠᠭᠠᠳᠬᠠᠯ ᠨᠢᠭᠡ ᠮᠥᠩᠭᠦ ᠶᠢ ᠲᠤᠰᠢᠶᠠᠭᠠᠳ᠂ 3500 ᠲᠥᠭᠦᠷᠢᠭ ᠠᠴᠠ 5000 ᠲᠥᠭᠦᠷᠢᠭ ᠣᠷᠴᠢᠮ ᠪᠤᠯ ᠪᠤᠯᠴᠢᠬᠠᠨ᠎ᠠ︾᠃     ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠤᠸᠠᠨ ᠰᠢᠶᠣᠣ ᠴᠢᠶᠠᠩ᠄ ︽ᠮᠠᠨ ᠤ ᠺᠣᠮᠫᠠᠨᠢ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 5 ᠠᠵᠢᠯ ᠤᠨ ᠪᠠᠶᠢᠷᠢ ᠬᠠᠩᠭᠠᠭᠰᠠᠨ᠃ ᠮᠠᠨ ᠤ ᠣᠳᠣᠬᠠᠨ ᠤ ᠤᠯᠭᠤᠵᠤ ᠪᠠᠶᠢᠭ᠎ᠠ ᠴᠠᠯᠢᠩ ᠬᠥᠯᠥᠰᠦ ᠳᠤᠮᠳᠠᠴᠢ ᠪᠠᠷ 5000-6000 ᠲᠥᠭᠦᠷᠢᠭ ᠣᠷᠴᠢᠮ᠂ ᠪᠠᠰᠠ ᠲᠦᠷᠦᠭᠰᠡᠨ ᠡᠳᠦᠷ ᠤᠨ ᠪᠡᠯᠡᠭ᠂ ᠪᠠᠶᠠᠷ ᠳᠤᠷᠠᠰᠬᠠᠯ ᠤᠨ ᠡᠳᠦᠷ ᠤᠨ ᠠᠰᠠᠷᠠᠮᠵᠢ᠂   ᠲᠡᠷᠭᠡ ᠤᠨᠤᠭᠠᠨ ᠤ ᠨᠦᠬᠦᠪᠦᠷᠢ ᠵᠢᠴᠢ ᠪᠤᠰᠤᠳ ᠣᠨᠴᠠᠭᠠᠶ ᠠᠵᠢᠯ ᠤᠨ ᠪᠠᠶᠢᠷᠢ ᠶᠢᠨ ᠨᠥᠬᠦᠪᠦᠷᠢ ᠤᠳ ᠪᠦᠷ ᠪᠠᠶᠢᠭ᠎ᠠ  ︾᠃     ᠣᠶᠢᠯᠠᠭᠠᠭᠰᠠᠨ ᠢᠶᠠᠷ᠂  ᠡᠨᠡ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠳᠤ  ᠬᠤᠩ ᠵᠢᠩ ᠶᠤᠸᠠᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂  ᠬᠠᠭᠠᠨ ᠤ ᠠᠳᠤᠭᠤᠨ ᠵᠤᠰᠠᠭᠠᠯ ᠰᠣᠶᠣᠯ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠤᠬᠠᠢ ᠶᠢᠨ ᠭᠠᠵᠠᠷ ᠤᠨ 23 ᠠᠵᠤ ᠠᠬᠤᠶᠢᠯᠠᠯ   ᠨᠢ ᠨᠡᠶᠢᠳᠡ 488 ᠠᠵᠢᠯ ᠤᠨ ᠪᠠᠶᠢᠷᠢ ᠬᠠᠩᠭᠠᠭᠰᠠᠨ ᠢᠶᠠᠷ ᠪᠠᠷᠠᠬᠤ ᠦᠬᠡᠢ᠂ ᠪᠡᠭᠡᠵᠢᠩ᠂ ᠴᠢᠭᠤᠯᠤᠯᠲᠤ ᠬᠠᠭᠠᠯᠭ᠎ᠠ  ᠵᠡᠷᠭᠡ ᠭᠠᠵᠠᠷ ᠣᠷᠣᠨ ᠤ 59 ᠠᠵᠤ ᠠᠬᠤᠶᠢᠯᠠᠯ ᠪᠠᠰᠠ ᠠᠵᠢᠯᠯᠠᠭ᠎ᠠ ᠳᠤ ᠤᠷᠤᠯᠴᠠᠭᠠᠳ᠂ 926 ᠠᠵᠢᠯ ᠤᠨ ᠪᠠᠶᠢᠷᠢ  ᠬᠠᠩᠭᠠᠭᠰᠠᠨ ᠪᠠᠶᠢᠨ᠎ᠠ᠃  ᠠᠵᠢᠯᠲᠠᠨ ᠡᠯᠰᠡᠬᠦ ᠴᠤᠭᠯᠠᠭᠠᠨ ᠤ  ᠠᠬᠤᠢ ᠲᠠᠯᠠᠪᠠᠢ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠠᠵᠢᠯ ᠣᠯᠵᠤ ᠦᠢᠯᠡᠰ ᠪᠦᠳᠦᠬᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ 3000 ᠭᠠᠷᠤᠢ ᠬᠤᠪᠢ ᠲᠠᠷᠬᠠᠭᠠᠨ ᠂ ᠠᠵᠢᠯ ᠡᠷᠢᠭᠰᠡᠳ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠡ ᠶᠢᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠬᠡᠷᠡᠭᠴᠡᠭᠡ ᠶᠢ ᠬᠠᠩᠭᠠᠵᠠᠢ᠃  ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤ   ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠣᠯᠣᠨ ᠠᠵᠢᠯ ᠣᠯᠣᠭᠰᠠᠳ ᠤᠨ ᠠᠵᠢᠯ ᠡᠷᠢᠬᠦ ᠬᠡᠷᠡᠭᠴᠡᠭᠡ ᠲᠠᠢ ᠤᠶᠠᠯᠳᠤᠭᠤᠯᠵᠤ᠂ ᠠᠵᠤ ᠠᠬᠤᠶᠢᠯᠠᠯ ᠪᠣᠯᠣᠨ ᠠᠵᠢᠯ ᠡᠷᠢᠭᠰᠡᠳ ᠤᠨ ᠬᠤᠭᠤᠷᠣᠨᠳᠣᠬᠢ ᠮᠡᠳᠡᠭᠡ ᠵᠠᠩᠭᠢ ᠶᠢᠨ ᠬᠥᠭᠦᠷᠭᠡ ᠶᠢ ᠪᠠᠶᠢᠭᠤᠯᠤᠨ᠂ ᠠᠵᠢᠯ ᠣᠯᠭᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠵᠦ᠂ ᠠᠵᠢᠯᠲᠠᠨ ᠡᠯᠰᠡᠬᠦ ᠬᠡᠯᠪᠡᠷᠢ ᠶᠢ ᠪᠠᠶᠠᠯᠢᠬᠵᠢᠭᠤᠯᠤᠨ᠂ ᠠᠵᠤ ᠦᠢᠯᠡᠰ ᠤᠨ ᠬᠡᠯᠬᠢᠶ᠎ᠡ ᠪᠣᠯᠣᠨ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠬᠤ ᠠᠷᠭ᠎ᠠ ᠵᠠᠮ ᠢ ᠨᠠᠪᠲᠠᠷᠡᠭᠦᠯᠵᠦ᠂  ᠪᠥᠬᠦ ᠬᠤᠰᠢᠭᠤᠨ ᠤ ᠣᠯᠠᠨ ᠲᠦᠮᠡᠨ ᠳᠤ ᠨᠠᠩ ᠰᠢᠯᠢᠳᠡᠭ ᠠᠵᠢᠯ ᠤᠨ ᠪᠠᠶᠢᠷᠢ ᠶᠢ ᠬᠠᠩᠭᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号