ᠲᠠᠶᠢᠹᠤᠰᠧ ᠬᠤᠰᠢᠭᠤᠨ ᠤ ᠬᠢᠨ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠡᠮᠬᠢ ᠵᠢᠷᠤᠮ ᠲᠠᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2023/2/20
   2 ᠰᠠᠷ᠎ᠠ ᠶᠢᠨ 18 ᠤ ᠡᠳᠦᠷ᠂   ᠲᠠᠶᠢᠹᠤᠰᠧ ᠬᠤᠰᠢᠭᠤᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠵᠦ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠠᠴᠠ ᠬᠦᠷᠦᠯᠴᠡᠨ ᠢᠷᠡᠭᠰᠡᠨ 47 ᠵᠠᠯᠠᠭᠤ ᠬᠤᠰᠢᠭᠤ ᠡᠮᠨᠡᠯᠭᠡ ᠶᠢᠨ ᠬᠤᠷᠢᠶ᠎ᠠ ᠳᠤ ᠪᠡᠶ᠎ᠡ ᠶᠢᠨ ᠪᠠᠶᠢᠴᠠᠭᠠᠯᠲᠠ ᠬᠢᠯᠭᠡᠯ᠎ᠡ᠃ ᠪᠠᠶᠢᠴᠠᠭᠠᠯᠲᠠ ᠶᠢᠨ ᠲᠠᠯᠠᠪᠠᠢ ᠳᠤ᠂  ᠴᠡᠷᠢᠭ ᠲᠤ ᠤᠷᠤᠬᠤ ᠪᠠᠷ ᠨᠡᠷ᠎ᠡ ᠮᠡᠳᠡᠬᠦᠯᠦᠭᠰᠡᠨ ᠵᠠᠯᠠᠭᠤᠴᠤᠳ ᠡᠮᠬᠢ ᠲᠢᠭᠯᠡᠮ ᠲᠠᠢ ᠮᠥᠷᠯᠡᠵᠦ᠂   ᠬᠠᠮᠢᠶ᠎ᠠ ᠪᠦᠬᠦᠢ ᠠᠵᠢᠯᠳᠠᠨ ᠤ ᠳᠠᠭᠠᠭᠤᠯᠭ᠎ᠠ ᠳᠣᠣᠷ᠎ᠠ  ᠡᠯ᠎ᠡ ᠲᠦᠷᠦᠯ ᠤᠨ ᠪᠡᠶ᠎ᠡ ᠶᠢᠨ ᠪᠠᠶᠢᠴᠠᠭᠠᠯᠳᠠ ᠪᠠ ᠰᠡᠳᠬᠢᠴᠡ ᠶᠢᠨ ᠰᠢᠯᠭᠠᠯᠲᠠ ᠶᠢ ᠬᠢᠵᠡᠢ᠃ ᠡᠮᠨᠡᠯᠭᠡ ᠶᠢᠨ ᠠᠵᠢᠯᠲᠠᠳ ᠴᠡᠷᠢᠭ ᠡᠯᠰᠡᠬᠦ ᠲᠦᠷᠢᠮ ᠲᠤᠭᠳᠠᠭᠠᠯ  ᠪᠠ ᠱᠠᠭᠠᠷᠳᠠᠯᠭ᠎ᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂  ᠪᠡᠶ᠎ᠡ ᠶᠢᠨ ᠪᠠᠶᠢᠴᠠᠭᠠᠯᠲᠠ ᠶᠢ ᠴᠢᠩᠭ᠎ᠠ ᠨᠢᠮᠪᠠᠢ ᠶᠠᠪᠤᠭᠳᠠᠭᠤᠯᠵᠤ᠂  ᠴᠢᠨᠠᠷ ᠤᠨ ᠪᠣᠭᠤᠮᠲᠠ ᠶᠢ ᠴᠢᠩᠭ᠎ᠠ ᠡᠵᠡᠮᠳᠡᠭᠰᠡᠨ ᠤ ᠬᠠᠮᠲᠤ᠂ ᠠᠷᠢᠭᠤᠨ ᠴᠢᠬᠡᠴᠢ  ᠶᠢᠨ ᠬᠢᠨᠠᠯᠲᠠ ᠲᠠᠯᠪᠢᠭᠴᠢ ᠨᠠᠷ   ᠠᠴᠠ  ᠪᠠᠶᠢᠴᠠᠭᠠᠯᠲᠠ ᠶᠢᠨ ᠠᠵᠢᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠦᠨᠡᠨ ᠬᠦ ᠪᠠᠳᠤᠯᠠᠭᠰᠠᠨ ᠪᠠᠶᠢᠨ᠎ᠠ᠃ ︽ᠡᠨᠡ ᠤᠳᠠᠭᠠᠨ ᠤ  ᠪᠡᠶ᠎ᠡ ᠶᠢᠨ ᠪᠠᠶᠢᠴᠠᠭᠠᠯᠲᠠ ᠳᠤ ᠣᠷᠤᠯᠴᠠᠭᠰᠠᠨ ᠨᠢ ᠮᠠᠰᠢ ᠠᠵᠠ ᠲᠠᠢ ᠰᠠᠨᠠᠭᠳᠠᠨ᠎ᠠ᠂  ᠪᠠᠭ᠎ᠠ ᠠᠴᠠ ᠪᠠᠨ ᠴᠡᠷᠢᠭ ᠲᠤ ᠣᠷᠣᠬᠤ ᠬᠦᠰᠡᠯ ᠲᠠᠢ ᠪᠠᠶᠢᠯ᠎ᠠ᠂ ᠥᠨᠥᠳᠥᠷ ᠪᠡᠶ᠎ᠡ ᠶᠢᠨ ᠪᠠᠶᠢᠴᠠᠭᠠᠯᠲᠠ ᠪᠠᠨ ᠤᠷᠤᠭᠰᠢᠲᠠᠢ  ᠦᠩᠭᠡᠷᠡᠭᠡᠵᠦ  ᠂ ᠴᠡᠷᠢᠭ ᠲᠤ ᠣᠷᠣᠬᠤ ᠬᠦᠰᠡᠯ ᠮᠢᠨᠢ ᠪᠡᠶᠡᠯᠡᠭᠳᠡᠬᠦ ᠳᠤ ᠲᠤᠩ ᠢᠳᠡᠭᠡᠯ ᠲᠠᠢ ᠪᠠᠶᠢᠨ᠎ᠠ ᠂  ᠠᠳᠡ ᠪᠠᠰᠠ ᠨᠠᠳᠠ ᠲᠠᠢ ᠠᠳᠠᠯᠢ  ᠨᠡᠩ ᠣᠯᠠᠨ ᠵᠠᠯᠠᠭᠤᠴᠤᠳ ᠤᠨ ᠢᠳᠡᠪᠬᠢᠲᠡᠢ ᠪᠠᠷ ᠴᠡᠷᠢᠭ ᠲᠤ ᠣᠷᠣᠵᠤ  ᠂ ᠤᠯᠤᠰ ᠭᠡᠷ   ᠢᠶᠠᠨ ᠬᠠᠮᠠᠭᠠᠯᠠᠬᠤ   ᠶᠢ  ᠬᠦᠰᠡᠶ᠎ᠡ︾  ᠭᠡᠵᠦ  ᠪᠠᠶᠢᠴᠠᠭᠠᠯᠳᠠ ᠳᠤ ᠤᠷᠤᠯᠴᠠᠭᠰᠠᠨ ᠵᠠᠯᠠᠭᠤ ᠵᠠᠩ  ᠸᠧᠨ ᠪᠥᠸᠧ ᠰᠡᠳᠬᠢᠯ ᠳᠣᠭᠳᠣᠯᠤᠨ ᠬᠡᠯᠡᠨ᠎ᠡ᠃     ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠣᠯ ᠴᠢᠨᠠᠷ ᠰᠠᠶᠢᠲᠠᠢ ᠴᠡᠷᠢᠭ ᠡᠯᠰᠡᠬᠦ ᠶᠢ ᠪᠠᠲᠤᠯᠠᠬᠤ ᠴᠢᠬᠤᠯᠠ ᠨᠢᠭᠡ ᠭᠤᠭᠴᠤᠭ᠎ᠠ ᠮᠥᠨ᠂ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠴᠡᠷᠢᠭ ᠡᠯᠰᠡᠬᠦ ᠡᠯ᠎ᠡ ᠭᠤᠭᠴᠤᠭᠠᠨ ᠤ ᠠᠵᠢᠯ ᠢ ᠦᠷᠭᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠴᠢᠩᠭ᠎ᠠ  ᠨᠢᠮᠪᠠᠢ ᠬᠢᠨᠠᠨ ᠪᠠᠶᠢᠴᠠᠭᠠᠵᠤ᠂  ᠠᠵᠢᠯ ᠤᠨ ᠠᠯᠬᠤᠮ  ᠶᠠᠪᠤᠴᠠ ᠶᠢ ᠲᠦᠷᠢᠮᠵᠢᠬᠦᠯᠦᠨ᠂  ᠦᠨᠡᠨ ᠬᠦ ᠰᠢᠯᠢᠳᠡᠭ ᠰᠠᠶᠢᠨ ᠵᠠᠯᠠᠭᠤᠴᠤᠳ ᠢ ᠴᠡᠷᠢᠭ ᠠᠩᠭᠢ ᠳᠤ ᠬᠦᠷᠬᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号