ᠪᠦᠬᠦ ᠬᠦᠴᠦᠨ ᠢᠶᠠᠷ ᠦᠢᠯᠡᠳᠪᠦᠷᠢᠯᠡᠯ ᠢ ᠠᠳᠬᠤᠵᠤ ᠬᠠᠨᠴᠤᠢ ᠰᠢᠮᠠᠯᠠᠨ ᠴᠢᠷᠮᠠᠶᠢᠵᠤ ᠠᠵᠢᠯᠯᠠᠨ᠎ᠠ
ᠨᠡᠶᠢᠲᠡᠯᠡᠭᠰᠡᠨ ᠴᠠᠭ᠄
2023/2/20
 ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠲᠠᠶᠢᠹᠤᠰᠧ ᠬᠤᠰᠢᠭᠤᠨ ᠤ ᠡᠯ᠎ᠡ ᠲᠥᠷᠥᠯ ᠤᠨ ᠠᠵᠤ ᠠᠬᠤᠶᠢᠯᠠᠯ ᠨᠢ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠥᠭᠵᠢᠯᠲᠡ ᠶᠢᠨ ᠶᠡᠭᠡ ᠰᠠᠶᠢᠨ ᠠᠵᠠ ᠲᠣᠬᠢᠶᠠᠯ ᠢ ᠡᠵᠡᠮᠳᠡᠨ᠂ ᠡᠷᠴᠢ ᠵᠣᠷᠢᠭ ᠢᠶᠠᠨ ᠬᠦᠪᠴᠢᠯᠡᠨ ᠦᠢᠯᠡᠳᠪᠦᠷᠢᠯᠡᠯ ᠢᠶᠠᠨ ᠴᠢᠩᠭᠠᠳᠬᠠᠵᠤ᠂ ᠥᠭᠡᠳᠡᠯᠡᠨ ᠳᠠᠪᠰᠢᠬᠤ᠂ ᠥᠷᠯᠥᠭᠡ ᠦᠳᠡᠰᠢ ᠶᠢ ᠲᠡᠮᠡᠴᠡᠬᠦ ᠣᠪᠣᠷ ᠢᠶᠠᠷ ᠰᠢᠨ᠎ᠡ ᠵᠢᠯ ᠤᠨ ᠠᠶᠠᠨ ᠢᠶᠠᠨ ᠡᠬᠢᠯᠡᠭᠦᠯᠵᠦ᠂ ᠰᠢᠨ᠎ᠡ ᠨᠢᠭᠡ ᠵᠢᠯ ᠤᠨ  ᠢᠶᠠᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠪᠠᠶᠢᠨ᠎ᠠ᠃     ᠥᠪᠥᠷ ᠮᠣᠩᠭᠤᠯ ᠤᠨ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ  ᠳᠤ ᠬᠦᠷᠬᠦᠶ᠎ᠡ᠂ ᠦᠢᠯᠡᠳᠪᠦᠷᠢᠯᠡᠯ ᠤᠨ ᠲᠠᠰᠤᠭ ᠲᠤ ᠲᠣᠭᠠᠴᠢᠯᠠᠭᠰᠠᠨ ᠣᠶᠤᠨᠴᠢᠯᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠶᠢ ᠲᠡᠷᠢ ᠲᠡᠭᠰᠢ  ᠪᠠᠶᠢᠷᠢᠰᠢᠭᠤᠯᠵᠤ᠂ ᠠᠵᠢᠯᠴᠢᠳ ᠲᠥᠬᠦᠭᠡᠷᠦᠮᠵᠢ  ᠲᠡᠭᠡᠷ᠎ᠡ ᠪᠣᠯᠪᠠᠰᠤᠷᠠᠩᠭᠤᠢ ᠮᠦᠷᠳᠡᠭᠡᠨ ᠶᠠᠭᠠᠷᠠᠯᠲᠠᠢ  ᠠᠵᠢᠯᠯᠠᠵᠤ ᠪᠠᠶᠢᠭ᠎ᠠ ᠬᠠᠷᠠᠭᠳᠠᠨ᠎ᠠ᠃      ᠺᠧ ᠲᠠᠢ ᠯᠦᠩ ᠳ᠋ᠠ ᠺᠤᠮᠫᠠᠨᠢ ᠶᠢᠨ ᠬᠠᠷᠢᠭᠤᠴᠠᠯᠭᠠᠲᠠᠨ ᠯᠢ ᠵᠧ᠄  ︽ ᠲᠠᠶᠢᠹᠤᠰᠧ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠠᠩᠬᠠᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠶᠢᠷ᠎ᠠ   ᠶᠢᠨ ᠠᠷᠪᠠᠨ ᠵᠢᠯ ᠤᠨ ᠲᠤᠷᠰᠢ ᠪᠢᠳᠡ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠬᠠᠯᠠᠮᠵᠢ ᠳᠡᠮᠵᠢᠯᠭᠡ ᠶᠢ ᠬᠦᠷᠳᠡᠵᠦ ᠢᠷᠡᠭᠰᠡᠨ᠂ 2023 ᠣᠨ ᠳᠤ  ᠰᠤᠳᠤᠯᠤᠨ ᠨᠡᠭᠡᠭᠡᠬᠦ ᠡᠷᠴᠢᠮ ᠪᠠ ᠪᠡᠯᠡ ᠮᠥᠩᠭᠦ   ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ   ᠢ  ᠪᠠᠶᠢᠭᠤᠯᠤᠨ᠂  ᠦᠢᠯᠡᠳᠪᠦᠷᠢᠯᠡᠯ ᠤᠨ ᠴᠢᠳᠠᠪᠤᠷᠢ ᠪᠠᠨ  ᠲᠡᠭᠡᠭᠰᠢᠯᠡᠬᠦᠯᠵᠦ᠂ ᠥᠪᠥᠷ ᠮᠣᠩᠭᠤᠯ ᠣᠷᠣᠨ ᠤ ᠬᠡᠷᠡᠭᠴᠡᠭᠡ ᠳᠤ  ᠲᠤᠬᠢᠷᠠᠭᠰᠠᠨ ᠨᠠᠩ ᠣᠯᠠᠨ ᠦᠢᠯᠡᠳᠬᠦᠨ   ᠢ ᠰᠤᠳᠤᠯᠤᠨ ᠪᠦᠳᠦᠭᠡᠬᠦ ᠪᠠᠷ ᠴᠢᠷᠮᠠᠶᠢᠨ᠎ᠠ︾  ᠃     ᠺᠧ ᠲᠠᠢ ᠯᠦᠩ ᠳ᠋ᠡ ᠺᠣᠮᠫᠠᠨᠢ ᠶᠢᠨ ᠬᠢᠨ ᠱᠦᠬᠦᠯᠳᠡ ᠶᠢᠨ ᠪᠦᠷᠬᠦᠪᠴᠢ ᠦᠢᠯᠡᠳᠪᠦᠷᠢᠯᠡᠬᠦ ᠲᠥᠷᠥᠯ ᠵᠦᠢᠯ   ᠨᠢ 2022 ᠣᠨ ᠤ 5 ᠰᠠᠷ᠎ᠠ ᠳᠤ ᠡᠬᠢᠯᠡᠵᠤ᠂  ᠶᠡᠷᠦᠩᠬᠡᠢ ᠪᠡᠯᠡ ᠣᠷᠣᠭᠤᠯᠤᠯᠲᠠ 6500 ᠲᠦᠮᠡᠨ ᠲᠥᠭᠦᠷᠢᠭ᠂ ᠶᠡᠷᠦᠩᠬᠡᠢ ᠪᠠᠷᠢᠯᠭ᠎ᠠ ᠶᠢᠨ ᠲᠠᠯᠠᠪᠠᠶ 12600 ᠲᠡᠭᠰᠢ ᠳᠥᠷᠪᠡᠯᠵᠢᠨ ᠮᠧᠲᠷ   ᠲᠤ ᠬᠦᠷᠴᠡᠢ᠃  ᠣᠳᠣᠬᠠᠨ ᠳᠤ  2 ᠦᠢᠯᠡᠳᠪᠦᠷᠢᠯᠡᠯ ᠤᠨ ᠲᠠᠰᠤᠭ ᠤᠨ ᠭᠤᠣᠯ ᠴᠣᠭᠴᠠ ᠶᠢᠨ ᠪᠠᠷᠢᠯᠭ᠎ᠠ ᠵᠢᠴᠢ ᠰᠤᠳᠤᠯᠤᠨ ᠨᠡᠭᠡᠭᠡᠬᠦ ᠲᠥᠪ ᠤᠨ ᠰᠠᠭᠤᠷᠢ  ᠪᠠᠷᠢᠯᠭ᠎ᠠ ᠶᠢ ᠲᠠᠭᠤᠰᠬᠠᠭᠰᠠᠨ ᠪᠥᠭᠡᠳ ᠬᠡᠰᠡᠭ ᠦᠢᠯᠡᠳᠪᠦᠷᠢᠯᠡᠯ ᠤᠨ ᠲᠥᠬᠦᠭᠡᠷᠦᠮᠵᠢ  ᠪᠠ ᠢᠵᠢ ᠪᠦᠷᠢᠳᠦᠭᠦᠯᠬᠦ ᠲᠥᠬᠦᠭᠡᠷᠦᠮᠵᠢ ᠶᠢ ᠬᠢᠯᠬᠡᠵᠦ ᠪᠤᠢ  ᠃ 2022 ᠣᠨ ᠤ ᠡᠴᠦᠰ ᠪᠣᠯᠲᠠᠯ᠎ᠠ᠂ ᠲᠣᠰ ᠲᠥᠷᠥᠯ ᠵᠦᠢᠯ ᠨᠢ ᠨᠢᠭᠡᠨᠲᠡ 3852 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ  ᠪᠡᠶᠡᠯᠡᠬᠦᠯᠦᠭᠡᠳ᠂ ᠵᠢᠱᠢᠯᠲᠡ ᠪᠠᠷ 2023 ᠣᠨ ᠤ ᠡᠴᠦᠰ ᠲᠤ  ᠪᠦᠬᠦᠶᠢᠯᠡ ᠪᠠᠷᠢᠯᠭ᠎ᠠ ᠶᠢᠨ ᠠᠵᠢᠯ ᠲᠠᠭᠤᠰᠬᠤ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号