ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠪᠠ ᠨᠡᠶᠢᠭᠡᠮ ᠨᠡᠶᠢᠲᠡ ᠶᠢᠨ ᠡᠮᠬᠢ ᠲᠢᠭᠯᠡᠮ ᠢ ᠬᠠᠮᠠᠭᠠᠯᠠᠨ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠴᠦ᠂ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠤᠷᠠᠯ ᠴᠤᠭᠯᠠᠭ᠎ᠠ ᠬᠢᠵᠦ ᠰᠦᠷᠳᠦ ᠵᠢᠭᠰᠠᠭᠠᠯ ᠶᠠᠪᠤᠭᠤᠯᠬᠤ ᠬᠠᠤᠯᠢ︾ ︽ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠳᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠬᠢᠭᠡᠳ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠠᠶᠢᠯᠪᠤᠷᠢᠯᠠᠯᠲᠠ ᠶᠢ ᠦᠨᠳᠦᠰᠦᠯᠡᠵᠦ᠂ ᠡᠳᠦᠭᠡ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠠᠬᠢ | ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠢ ᠳᠣᠣᠷᠠᠬᠢ ᠮᠡᠲᠦ ᠵᠠᠷᠯᠠᠨ | ᠮᠡᠳᠡᠭᠳᠡᠪᠡ ᠄ | ᠨᠢᠭᠡ᠂ ᠠᠷᠠᠳ ᠢᠷᠭᠡᠳ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠠᠭᠠᠨ ᠬᠠᠤᠯᠢ ᠴᠠᠭᠠᠵᠠ ᠲᠦᠷᠢᠮ | ᠲᠣᠭᠲᠠᠭᠠᠯ ᠢ ᠵᠢᠷᠤᠮᠯᠠᠬᠤ ᠬᠡᠷᠡᠭᠲᠡᠢ᠂ ᠤᠯᠤᠰ ᠭᠡᠷ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠠᠷᠠᠳ | ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠨᠡᠶᠢᠭᠡᠮ ᠨᠡᠶᠢᠲᠡ ᠶᠢᠨ ᠡᠮᠬᠢ | ᠵᠢᠷᠤᠮ ᠪᠠ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ | ᠬᠤᠶᠠᠷ᠂ ᠵᠠᠬᠢᠳᠠᠯ ᠰᠣᠷᠪᠤᠯᠵᠢᠯᠠᠭ᠎ᠠ ᠬᠢᠬᠦ ᠳᠡᠭᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠪᠠᠶᠢᠭᠤᠯᠤᠭᠰᠠᠨ ᠪᠤᠶᠤ ᠲᠣᠭᠲᠠᠭᠠᠭᠰᠠᠨ ᠭᠥᠯᠢᠶᠡᠨ ᠠᠪᠬᠤ ᠲᠠᠯᠠᠪᠤᠷ ᠲᠤ ᠬᠦᠷᠴᠦ ᠬᠠᠤᠯᠢ ᠶᠣᠰᠣᠭᠠᠷ ᠪᠣᠯᠪᠠᠰᠤᠨ | ᠣᠶᠤᠨᠴᠢ ᠪᠠᠷ ᠱᠠᠲᠤ ᠳᠠᠷᠠᠭᠠᠯᠠᠨ ᠠᠰᠠᠭᠤᠳᠠᠯ ᠢᠶᠠᠨ ᠲᠤᠰᠬᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢ | ᠨᠢᠭᠡᠨᠲᠡ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠪᠤᠶᠤ ᠶᠠᠭ ᠰᠢᠢᠳᠪᠦᠷᠢᠯᠡᠵᠦ ᠪᠠᠶᠢᠭ᠎ᠠ ᠬᠤᠭᠤᠴᠠᠭᠠᠨ ᠳᠤ᠂ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠪᠤᠶᠤ ᠰᠢᠢᠳᠪᠦᠷᠢᠯᠡᠵᠦ ᠪᠠᠶᠢᠭ᠎ᠠ ᠪᠠᠶᠢᠭᠤᠯᠭ᠎ᠠ ᠶᠢᠨ ᠳᠡᠭᠡᠷ᠎ᠡ ᠱᠠᠲᠤᠨ ᠤ | ᠪᠠᠶᠢᠭᠤᠯᠭ᠎ᠠ ᠳᠤ ᠠᠳᠠᠯᠢ ᠨᠢᠭᠡᠨ ᠵᠠᠬᠢᠳᠠᠯ ᠰᠣᠷᠪᠤᠯᠵᠢᠯᠠᠭ᠎ᠠ ᠶᠢ ᠳᠠᠬᠢᠨ ᠳᠤᠷᠠᠳᠤᠭᠰᠠᠨ ᠪᠠᠶᠢᠪᠠᠯ᠂ ᠳᠡᠭᠡᠷ᠎ᠡ | ᠱᠠᠲᠤᠨ ᠤ ᠪᠠᠶᠢᠭᠤᠯᠭ᠎ᠠ ᠨᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠬᠠᠮᠲᠤ ᠶᠢᠨ ᠵᠠᠭᠠᠯᠳᠤᠯᠭ᠎ᠠ ᠬᠢᠬᠦ ᠳᠤ | ᠲᠥᠯᠥᠭᠡᠯᠡᠭᠴᠢ ᠲᠤᠮᠢᠯᠠᠨ᠎ᠠ᠂ ᠲᠥᠯᠥᠭᠡᠯᠡᠭᠴᠢ ᠶᠢᠨ ᠲᠤᠭ᠎ᠠ ᠨᠢ 5 ᠬᠥᠮᠥᠨ ᠠᠴᠠ ᠬᠡᠲᠦᠷᠡᠵᠦ ᠪᠣᠯᠬᠤ ᠦᠭᠡᠢ᠃ | ᠬᠠᠤᠯᠢ ᠳᠤ ᠬᠤᠯᠪᠤᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠭᠡᠷᠡᠭ ᠪᠣᠯ᠂ ᠬᠠᠤᠯᠢ ᠶᠢᠨ ᠶᠠᠪᠤᠴᠠ ᠪᠤᠶᠤ ᠵᠠᠰᠠᠭ | ᠵᠠᠬᠢᠷᠭᠠᠨ ᠤ ᠠᠪᠤᠷᠠᠨ ᠲᠤᠰᠠᠯᠠᠬᠤ ᠶᠠᠪᠤᠴᠠ ᠪᠠᠷ ᠳᠠᠮᠵᠢᠨ ᠬᠤᠯᠪᠣᠭᠳᠠᠯ ᠪᠦᠬᠦᠢ ᠪᠠᠶᠢᠭᠤᠯᠭ᠎ᠠ ᠳᠤ ᠵᠠᠬᠢᠳᠠᠯ | ᠰᠤᠷᠪᠤᠯᠵᠢᠯᠠᠭ᠎ᠠ ᠪᠠᠨ ᠲᠡᠪᠰᠢᠬᠦᠯᠵᠦ᠂ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠵᠡᠷᠭᠡ ᠬᠠᠤᠯᠢ ᠶᠢᠨ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠢ᠃ | ᠭᠤᠷᠪᠠ᠂ ᠵᠠᠬᠢᠳᠠᠯ ᠰᠣᠷᠪᠤᠯᠵᠢᠯᠠᠭ᠎ᠠ ᠬᠢᠭᠰᠡᠳ ᠬᠠᠤᠯᠢ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ | ᠦᠭᠡᠢ᠂ ᠵᠢᠭᠤᠷᠠᠯᠳᠤᠵᠤ ᠦᠢᠮᠡᠬᠦᠯᠬᠦ ᠪᠤᠶᠤ ᠱᠠᠲᠤ ᠠᠯᠤᠰᠯᠠᠨ ᠵᠠᠭᠠᠯᠳᠤᠯᠭ᠎ᠠ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠡᠮᠬᠢ ᠵᠢᠷᠤᠮ᠂ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠤᠨ᠂ ᠣᠯᠠᠨ | ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠬᠥᠮᠥᠨ ᠤ ᠪᠡᠶ᠎ᠡ ᠶᠢᠨ ᠡᠷᠬᠡ ᠪᠠ ᠡᠳ᠋ | ᠬᠥᠷᠥᠩᠭᠡ ᠶᠢᠨ ᠡᠷᠬᠡ ᠳᠤ ᠬᠠᠯᠳᠠᠵᠤ ᠪᠤᠯᠬᠤ ᠦᠬᠡᠢ᠃ ᠲᠤᠤᠷᠠᠬᠢ ᠮᠡᠳᠦ ᠠᠵᠢᠯᠯᠠᠭ᠎ᠠ ᠶᠢᠨ ᠠᠯᠢ ᠨᠢᠭᠡ ᠳᠤᠨᠢ | ᠬᠤᠯᠪᠤᠭᠳᠠᠬᠤ ᠦᠶᠡᠰ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠶᠢᠭᠤᠯᠭ᠎ᠠ ᠨᠢᠬᠡᠴᠡ ᠠᠴᠠ ᠲᠡᠭᠦᠨ ᠢ ᠢᠳᠬᠠᠨ | ᠬᠤᠷᠢᠭᠯᠠᠬᠤ ᠪᠤᠶᠤ ᠰᠤᠷᠭᠠᠨ ᠬᠥᠮᠥᠵᠢᠭᠦᠯᠦᠭᠰᠡᠨ ᠤ ᠳᠠᠷᠠᠭ᠎ᠠ ᠪᠠᠰᠠᠯᠠ ᠵᠠᠯᠠᠷᠠᠭᠤᠯᠬᠤ ᠦᠭᠡᠢ ᠪᠤᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠤᠯᠭᠤᠵᠤ᠂ ᠨᠢᠬᠡᠨᠳᠡ ᠶᠠᠯᠠᠳᠤ | ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠵᠠᠬᠢᠳᠠᠯ ᠰᠣᠷᠪᠤᠯᠵᠢᠯᠠᠭ᠎ᠠ ᠶᠢ ᠨᠢᠭᠡᠨᠲᠡ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠪᠥᠭᠡᠳ ᠶᠠᠭ | ᠰᠢᠢᠳᠪᠦᠷᠢᠯᠡᠵᠦ ᠪᠠᠶᠢᠭ᠎ᠠ ᠬᠤᠭᠤᠴᠠᠭᠠᠨ ᠳᠤ ᠱᠠᠲᠤ ᠠᠯᠤᠰᠯᠠᠨ ᠳᠡᠭᠡᠭᠰᠢ ᠵᠠᠭᠠᠯᠳᠤᠬᠤ᠃ ᠵᠦᠢ ᠶᠣᠰᠣᠨ ᠤ | ᠭᠤᠮᠣᠳᠠᠯ ᠱᠠᠭᠠᠷᠳᠠᠯᠭ᠎ᠠ ᠶᠢ ᠨᠢᠭᠡᠨᠲᠡ ᠲᠦᠷᠦ ᠶᠢᠨ ᠪᠣᠳᠣᠯᠭ᠎ᠠ᠂ ᠬᠠᠤᠯᠢ ᠲᠦᠷᠢᠮ ᠤᠨ ᠶᠣᠰᠣᠭᠠᠷ ᠲᠣᠬᠢᠲᠠᠢ | ᠰᠢᠢᠳᠪᠦᠷᠢᠯᠡᠭᠰᠡᠨ ᠪᠠᠶᠢᠳᠠᠯ᠎ᠠ ᠠᠳᠠᠯᠢ ᠨᠢᠭᠡᠨ ᠬᠡᠷᠡᠭ ᠪᠠ ᠤᠴᠢᠷ ᠰᠢᠯᠲᠠᠭᠠᠨ ᠢᠶᠠᠷ ᠵᠠᠬᠢᠳᠠᠯ ᠰᠣᠷᠪᠤᠯᠵᠢᠯᠠᠭ᠎ᠠ ᠬᠢᠬᠦ | ᠪᠤᠶᠤ ᠲᠦᠷᠦ ᠶᠢᠨ ᠪᠣᠳᠣᠯᠭ᠎ᠠ᠂ ᠬᠠᠤᠯᠢ ᠲᠦᠷᠢᠮ ᠠᠴᠠ ᠳᠠᠪᠠᠭᠰᠠᠨ ᠨᠦᠬᠦᠴᠡᠯ ᠱᠠᠭᠠᠷᠳᠠᠯᠭ᠎ᠠ ᠲᠤᠷᠠᠳᠬᠤ᠃ | ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠲᠠᠮᠵᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠳᠠᠯ᠎ᠠ | ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠶᠠᠪᠤᠬᠤ ᠶᠢ ᠲᠡᠪᠴᠢᠭᠰᠡᠨ᠃ ᠵᠠᠬᠢᠳᠠᠯ ᠰᠣᠷᠪᠤᠯᠵᠢᠯᠠᠭ᠎ᠠ ᠶᠢ ᠨᠢᠭᠡᠨᠲᠡ | ᠬᠠᠤᠯᠢ ᠶᠣᠰᠣᠭᠠᠷ ᠰᠢᠢᠳᠪᠦᠷᠢᠯᠡᠭᠰᠡᠨ ᠪᠥᠭᠡᠳ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠲᠣᠳᠣᠷᠬᠠᠢ ᠮᠡᠳᠡᠭᠳᠡᠭᠰᠡᠨ | ᠪᠠᠶᠢᠲᠠᠯ᠎ᠠ ᠳᠠᠬᠢᠨ ᠳᠠᠪᠲᠠᠨ ᠰᠤᠷᠪᠤᠯᠵᠢᠯᠠᠭ᠎ᠠ ᠬᠢᠵᠦ᠂ ᠳᠠᠬᠢᠨ ᠳᠠᠪᠲᠠᠨ ᠰᠦᠯᠵᠢᠶᠡᠨ ᠳᠡᠭᠡᠷ᠎ᠡ ᠵᠠᠭᠠᠯᠳᠤᠵᠤ᠂ | ᠳᠠᠬᠢᠨ ᠳᠠᠪᠲᠠᠨ ᠤᠳᠠᠰᠤᠳᠠᠵᠤ ᠦᠢᠮᠡᠬᠦᠯᠬᠦ᠃ ᠮᠠᠭᠤ ᠰᠠᠨᠠᠭ᠎ᠠ ᠲᠠᠢ ᠪᠠᠷ ᠵᠠᠬᠢᠳᠠᠯ ᠰᠣᠷᠪᠤᠯᠵᠢᠯᠠᠭ᠎ᠠ ᠬᠢᠭᠰᠡᠨ ᠪᠤᠶᠤ | ᠵᠢᠭᠤᠷᠠᠯᠳᠤᠵᠤ ᠦᠢᠮᠡᠬᠦᠯᠦᠭᠰᠡᠨ ᠭᠡᠵᠦ ᠡᠯ᠎ᠡ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠠᠯᠪᠠᠨ ᠭᠡᠷ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠠᠴᠠ ᠮᠠᠭᠠᠳᠯᠠᠨ ᠲᠣᠭᠲᠠᠭᠠᠭᠰᠠᠨ ᠦᠢᠯᠡ ᠠᠵᠢᠯᠯᠠᠭ᠎ᠠ᠃ | | ︵ᠬᠤᠶᠠᠷ︶ ᠠᠷᠠᠳ ᠤᠨ ᠰᠢᠭᠦᠬᠦ ᠬᠤᠷᠢᠶᠠᠨ ᠤ ᠲᠠᠰᠤᠯᠤᠯᠲᠠ᠂ ᠲᠣᠭᠲᠠᠭᠠᠯᠲᠠ᠂ ᠡᠶᠡᠳᠡᠭᠦᠯᠭᠡ ᠶᠢᠨ ᠪᠢᠴᠢᠭ | ᠬᠠᠷ᠎ᠠ ᠬᠦᠴᠦᠨ ᠲᠠᠢ ᠪᠣᠯᠤᠭᠰᠠᠨ ᠪᠤᠶᠤ ᠰᠢᠢᠳᠪᠦᠷᠢᠯᠡᠬᠦ ᠡᠷᠬᠡ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠬᠠᠤᠯᠢ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ᠎ᠠ ᠬᠠᠤᠯᠢ ᠴᠠᠭᠠᠵᠠ ᠲᠦᠷᠢᠮ ᠲᠣᠭᠲᠠᠭᠠᠯ ᠢ | ᠬᠡᠷᠡᠭᠵᠢᠭᠦᠯᠬᠦ ᠦᠭᠡᠢ᠂ ᠬᠠᠷᠢᠨ ᠵᠣᠷᠢᠭᠤᠳᠠ ᠵᠢᠭᠤᠷᠠᠯᠳᠤᠨ ᠦᠢᠮᠡᠬᠦᠯᠵᠦ᠂ ᠱᠠᠲᠤ ᠠᠯᠤᠰᠯᠠᠨ ᠵᠠᠭᠠᠯᠳᠤᠵᠤ᠂ | ᠪᠠᠶᠢᠭᠤᠯᠭ᠎ᠠ ᠨᠢᠬᠡᠴᠡ ᠶᠢᠨ ᠠᠯᠪᠠᠨ ᠠᠵᠢᠯ ᠪᠠ ᠣᠯᠠᠨ ᠨᠡᠶᠢᠲᠡ ᠶᠢᠨ ᠡᠮᠬᠢ ᠲᠢᠭᠯᠡᠮ ᠢ ᠰᠠᠮᠠᠭᠤᠷᠠᠭᠤᠯᠬᠤ᠃ | ︵ᠭᠤᠷᠪᠠ︶ 5 ᠠᠴᠠ ᠳᠡᠭᠡᠭᠰᠢ ᠬᠥᠮᠥᠨ ᠬᠠᠮᠲᠤ ᠪᠠᠷ ᠰᠤᠷᠪᠤᠯᠵᠢᠯᠠᠵᠤ ᠬᠠᠮᠲᠤ ᠶᠢᠨ ᠤᠴᠢᠷ ᠶᠠᠪᠤᠳᠠᠯ ᠢ | ᠲᠤᠰᠬᠠᠬᠤ ᠳᠠᠭᠠᠨ ᠲᠦᠷᠢᠮ ᠲᠣᠭᠲᠠᠭᠠᠯ ᠶᠣᠰᠣᠭᠠᠷ ᠲᠥᠯᠥᠭᠡᠯᠡᠭᠴᠢ ᠲᠤᠮᠢᠯᠠᠬᠤ ᠦᠬᠡᠢ᠂ ᠲᠣᠭᠲᠠᠭᠰᠠᠨ | ᠭᠠᠵᠠᠷ ᠲᠤ ᠣᠴᠢᠵᠤ ᠵᠠᠬᠢᠳᠠᠯ ᠰᠤᠷᠪᠤᠯᠵᠢᠯᠠᠭ᠎ᠠ ᠬᠢᠬᠦ ᠦᠬᠡᠢ᠂ ᠠᠵᠢᠯᠲᠠᠨ ᠤ ᠬᠠᠮᠢᠶᠠᠷᠤᠯᠲᠠ ᠶᠢ ᠲᠠᠭᠠᠬᠤ ᠦᠬᠡᠢ | ᠃ | ︵ᠳᠥᠷᠪᠡ︶ ᠵᠠᠬᠢᠳᠠᠯ ᠰᠣᠷᠪᠤᠯᠵᠢᠯᠠᠭ᠎ᠠ ᠶᠢᠨ ᠭᠥᠯᠢᠶᠡᠨ ᠠᠪᠬᠤ ᠭᠠᠵᠠᠷ ᠲᠤ ᠬᠤᠴᠤᠷᠴᠤ ᠬᠡᠷᠡᠭ ᠡᠳᠦᠬᠦ᠂ | ᠡᠰᠡᠬᠦᠯ᠎ᠡ ᠨᠠᠰᠤ ᠠᠬᠢᠭᠰᠠᠨ᠂ ᠪᠡᠶ᠎ᠡ ᠮᠠᠭᠤᠲᠠᠢ᠂ ᠬᠦᠨᠳᠦ ᠡᠪᠡᠳᠴᠢᠨ ᠲᠠᠢ ᠵᠡᠷᠭᠡ ᠠᠮᠢᠳᠤᠷᠠᠯ ᠢᠶᠠᠨ ᠥᠪᠡᠷ ᠢᠶᠠᠨ | ᠠᠷᠭᠠᠴᠠᠵᠤ ᠳᠡᠶᠢᠯᠬᠦ ᠦᠭᠡᠢ ᠬᠥᠮᠥᠨ ᠪᠤᠶᠤ ᠨᠠᠰᠤᠨ ᠳᠤ ᠦᠯᠦ ᠬᠦᠷᠦᠭᠰᠡᠳ ᠢ ᠵᠠᠬᠢᠳᠠᠯ ᠰᠣᠷᠪᠤᠯᠵᠢᠯᠠᠭ᠎ᠠ ᠶᠢᠨ | ᠭᠥᠯᠢᠶᠡᠨ ᠠᠪᠬᠤ ᠭᠠᠵᠠᠷ ᠲᠤ ᠬᠤᠴᠤᠷᠤᠭᠠᠵᠤ ᠦᠢᠮᠡᠬᠦᠯᠬᠦ᠃ | ︵ᠲᠠᠪᠤ︶ ᠪᠤᠰᠤᠳ ᠢ ᠵᠣᠬᠢᠶᠠᠨ ᠪᠠᠶᠢᠭᠤᠯᠬᠤ᠂ ᠵᠢᠭᠠᠵᠤ ᠲᠤᠬᠢᠬᠤ᠂ ᠠᠯᠪᠠᠳᠠᠵᠤ ᠰᠦᠷᠳᠡᠬᠦᠯᠬᠦ ᠂ | ᠮᠡᠬᠡᠯᠡᠵᠦ ᠦᠳᠦᠭᠡᠬᠦ ᠵᠡᠷᠭᠡ ᠬᠡᠯᠪᠡᠷᠢ ᠪᠠᠷ ᠵᠢᠭᠤᠷᠠᠯᠳᠤᠨ ᠦᠢᠮᠡᠬᠦᠯᠬᠦ ᠠᠵᠢᠯᠯᠠᠭ᠎ᠠ ᠳᠤ ᠤᠷᠤᠯᠴᠠᠭᠤᠯᠬᠤ᠃ ᠡᠳ᠋ | ᠮᠦᠩᠬᠦ ᠴᠤᠭᠯᠠᠭᠤᠯᠵᠤ ᠪᠠᠶᠢᠭᠠᠳ ᠱᠠᠲᠤ ᠠᠯᠤᠰᠯᠠᠨ ᠰᠤᠷᠪᠤᠯᠵᠢᠯᠠᠬᠤ᠂ ᠵᠢᠭᠤᠷᠠᠯᠳᠤᠨ ᠦᠢᠮᠡᠬᠦᠯᠬᠦ᠂ ᠬᠠᠮᠲᠤ ᠪᠠᠷ | ᠳᠡᠭᠡᠭᠰᠢ ᠰᠤᠷᠪᠤᠯᠵᠢᠯᠠᠬᠤ᠃ ᠪᠤᠰᠤᠳ ᠢ ᠵᠣᠬᠢᠶᠠᠨ ᠪᠠᠶᠢᠭᠤᠯᠵᠤ᠂ ᠡᠳ᠋ ᠮᠥᠩᠭᠦ ᠪᠠᠷ ᠲᠤᠰᠠᠯᠠᠬᠤ ᠪᠤᠶᠤ ᠲᠡᠷᠭᠡ | ᠤᠨᠤᠭ᠎ᠠ ᠬᠠᠩᠭᠠᠵᠤ ᠪᠠᠶᠢᠭᠠᠳ ᠵᠢᠭᠤᠷᠠᠯᠳᠤᠨ ᠦᠢᠮᠡᠬᠦᠯᠬᠦ ᠦᠢᠯᠡ ᠠᠵᠢᠯᠯᠠᠭ᠎ᠠ ᠶᠢ ᠲᠡᠮᠵᠢᠬᠦ᠃ ᠵᠠᠬᠢᠳᠠᠯ | ᠰᠣᠷᠪᠤᠯᠵᠢᠯᠠᠭ᠎ᠠ ᠬᠢᠬᠦ ᠨᠡᠷ᠎ᠡ ᠪᠠᠷ ᠵᠠᠪᠰᠢᠶᠠᠨ ᠲᠠᠯᠢᠮᠳᠠᠭᠤᠯᠵᠤ ᠡᠳ᠋ ᠠᠰᠢᠭ ᠤᠯᠬᠤ᠃ ᠵᠠᠬᠢᠳᠠᠯ ᠰᠣᠷᠪᠤᠯᠵᠢᠯᠠᠭ᠎ᠠ | ᠬᠢᠬᠦ ᠪᠤᠶᠤ ᠵᠠᠬᠢᠳᠠᠯ ᠰᠣᠷᠪᠤᠯᠵᠢᠯᠠᠭ᠎ᠠ ᠶᠢ ᠤᠷᠤᠯᠠᠨ ᠬᠢᠬᠦ ᠨᠡᠷ᠎ᠡ ᠪᠠᠷ ᠨᠡᠶᠢᠭᠡᠮ ᠤᠨ ᠬᠡᠷᠡᠭ ᠶᠠᠪᠤᠳᠠᠯ ᠳᠤ ᠭᠠᠷ | ᠲᠦᠷᠦᠵᠤ᠂ ᠨᠡᠶᠢᠭᠡᠮ ᠤᠨ ᠡᠮᠬᠢ ᠲᠢᠭᠯᠡᠮ ᠪᠤᠶᠤ ᠵᠠᠬᠢᠳᠠᠯ ᠰᠣᠷᠪᠤᠯᠵᠢᠯᠠᠭ᠎ᠠ ᠶᠢᠨ ᠡᠮᠬᠢ ᠲᠢᠭᠯᠡᠮ ᠢ ᠰᠠᠮᠠᠭᠤᠷᠠᠭᠤᠯᠬᠤ᠃ | | ︵ᠵᠢᠷᠭᠤᠭ᠎ᠠ︶ ᠵᠠᠬᠢᠳᠠᠯ ᠰᠣᠷᠪᠤᠯᠵᠢᠯᠠᠭ᠎ᠠ ᠬᠢᠬᠦ ᠳᠡᠭᠡᠨ᠂ ᠠᠶᠤᠯᠲᠠᠢ ᠡᠳ᠋ ᠪᠣᠳᠠᠰ᠂ ᠴᠠᠭᠠᠵᠠ ᠲᠠᠢ ᠬᠢᠲᠤᠭ᠎ᠠ | ᠰᠢᠪᠦᠭᠡ ᠠᠪᠴᠤ ᠶᠠᠪᠤᠬᠤ᠂ ᠡᠰᠡᠬᠦᠯ᠎ᠡ ᠥᠪᠡᠷ ᠢ ᠪᠠᠨ ᠰᠢᠷᠬᠠᠳᠠᠭᠤᠯᠵᠤ ᠭᠡᠮᠲᠦᠭᠡᠬᠦ᠂ ᠪᠡᠶ᠎ᠡ ᠪᠠᠨ ᠬᠤᠣᠷᠯᠠᠬᠤ ᠪᠤᠶᠤ | ᠬᠥᠮᠥᠨ ᠠᠯᠠᠬᠤ᠂ ᠭᠠᠯ ᠲᠠᠯᠪᠢᠬᠤ᠂ ᠳᠡᠯᠪᠡᠴᠢᠬᠦ ᠵᠡᠷᠭᠡ ᠠᠷᠭ᠎ᠠ ᠪᠠᠷ ᠠᠶᠤᠯᠭᠠᠵᠤ ᠰᠦᠷᠳᠡᠬᠦᠯᠬᠦ ᠃ | ︵ᠲᠤᠯᠤᠭ᠎ᠠ︶ ᠵᠠᠬᠢᠳᠠᠯ ᠰᠣᠷᠪᠤᠯᠵᠢᠯᠠᠭ᠎ᠠ ᠬᠢᠬᠦ ᠨᠡᠷ᠎ᠡ ᠪᠠᠷ ᠪᠠᠶᠢᠭᠤᠯᠭ᠎ᠠ ᠨᠢᠬᠡᠴᠡ ᠠᠵᠤ ᠠᠬᠤᠶᠢᠯᠠᠯ ᠳᠤ | ᠬᠠᠤᠯᠢ ᠪᠤᠰᠤ ᠪᠠᠷ ᠴᠤᠭᠯᠠᠭᠠᠨ ᠪᠤᠯᠬᠤ᠂ ᠨᠠᠮ ᠰᠠᠭᠤᠬᠤ᠂ ᠡᠭᠦᠳᠡ ᠬᠠᠭᠠᠯᠭ᠎ᠠ ᠶᠢ ᠪᠦᠭᠯᠡᠬᠦ᠂ ᠲᠡᠷᠭᠡ ᠬᠥᠰᠬᠡ ᠶᠢ | ᠬᠠᠰᠢᠬᠤ ᠂ ᠵᠠᠮ ᠬᠠᠷᠢᠯᠴᠠᠭ᠎ᠠ ᠶᠢ ᠬᠠᠷᠰᠢᠯᠠᠬᠤ᠂ ᠪᠠᠶᠢᠭᠤᠯᠭ᠎ᠠ ᠨᠢᠬᠡᠴᠡ ᠶᠢ ᠬᠦᠴᠦᠷᠬᠡᠭᠯᠡᠨ ᠳᠠᠭᠠᠷᠢᠬᠤ᠂ ᠬᠠᠤᠯᠢ | ᠶᠣᠰᠣᠭᠠᠷ ᠠᠯᠪᠠᠨ ᠠᠵᠢᠯ ᠢᠶᠠᠨ ᠭᠦᠢᠴᠡᠳᠬᠡᠬᠦ ᠶᠢ ᠬᠠᠷᠰᠢᠯᠠᠬᠤ᠃ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠤ | ᠠᠯᠪᠠᠨ ᠤ ᠪᠠ ᠬᠤᠪᠢ ᠶᠢᠨ ᠵᠣᠭᠤᠰ ᠮᠥᠩᠭᠦ ᠡᠳ᠋ ᠪᠣᠳᠠᠰ ᠢ ᠠᠯᠪᠠᠳᠠᠨ ᠠᠪᠬᠤ᠂ ᠡᠪᠳᠡᠨ ᠰᠦᠢᠳᠭᠡᠬᠦ᠂ ᠡᠵᠡᠯᠡᠨ | ᠭᠡᠷᠡᠭᠯᠡᠬᠦ᠃ | ︵ᠨᠠᠢᠮᠠ︶ ᠵᠠᠬᠢᠳᠠᠯ ᠰᠣᠷᠪᠤᠯᠵᠢᠯᠠᠭ᠎ᠠ ᠬᠢᠬᠦ ᠨᠡᠷ᠎ᠡ ᠪᠠᠷ ᠡᠯ᠎ᠡ ᠱᠠᠲᠤᠨ ᠤ ᠪᠠᠶᠢᠭᠤᠯᠭ᠎ᠠ ᠨᠢᠬᠡᠴᠡ᠂ ᠵᠠᠮ | ᠬᠠᠷᠢᠯᠴᠠᠭᠠᠨ ᠤ ᠲᠠᠯᠠᠪᠤᠷ ᠥᠷᠲᠡᠭᠡ᠂ ᠴᠢᠬᠤᠯᠠ ᠶᠡᠭᠡ ᠬᠦᠳᠡᠯᠪᠦᠷᠢ ᠠᠵᠢᠯᠯᠠᠭᠠᠨ ᠤ ᠲᠠᠯᠠᠪᠠᠢ ᠵᠢᠴᠢ ᠡᠳᠡᠭᠡᠷ ᠭᠠᠵᠠᠷ | ᠤᠨ ᠡᠷᠭᠢᠨ ᠲᠣᠭᠤᠷᠢᠨ ᠳᠠᠬᠢ ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠵᠠᠷᠭᠤ ᠵᠠᠭᠠᠯᠳᠤᠯᠭ᠎ᠠ ᠬᠢᠵᠦ᠂ | ᠨᠢᠭᠡᠳᠦᠯᠲᠡᠢ ᠬᠤᠪᠴᠠᠰᠤᠯᠠᠬᠤ᠂ ᠨᠢᠭᠡᠳᠦᠯᠲᠡᠢ ᠲᠡᠮᠳᠡᠭ ᠵᠡᠭᠦᠬᠦ᠂ ᠵᠠᠬᠢᠳᠠᠯ ᠰᠣᠷᠪᠤᠯᠵᠢᠯᠠᠭ᠎ᠠ ᠶᠢᠨ ᠮᠠᠲ᠋ᠧᠷᠢᠶᠠᠯ ᠨᠠᠭᠠᠬᠤ | ᠪᠤᠶᠤ ᠲᠠᠷᠭᠠᠬᠠᠬᠤ᠂ ᠤᠷᠢᠶ᠎ᠠ ᠬᠠᠰᠬᠢᠷᠬᠤ᠂ ᠬᠥᠨᠳᠡᠯᠡᠨ ᠪᠢᠴᠢᠭᠡᠰᠦ ᠡᠯᠬᠦᠬᠦ ᠂ᠡᠰᠡᠬᠦᠯ᠎ᠡ ᠠᠰᠠᠷ ᠠᠴᠠ ᠬᠠᠷᠠᠶᠢᠬᠤ | ᠂ ᠪᠡᠶ᠎ᠡ ᠪᠠᠨ ᠭᠠᠯᠳᠠᠬᠤ ᠵᠡᠷᠭᠡ ᠬᠡᠲᠦᠷᠡᠮᠡᠬᠡᠢ ᠠᠷᠭ᠎ᠠ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠬᠦ᠃ | ︵ᠶᠢᠰᠦ︶ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠤ᠂ ᠰᠦᠯᠵᠢᠶ᠎ᠡ᠂ ᠸᠢᠴᠠᠲ᠂ QQ᠂ ᠪᠢᠴᠢᠯ | ᠪᠦᠷᠭᠡ᠂ ᠴᠤᠤᠷᠢᠶ᠎ᠠ᠂ ᠬᠤᠷᠳᠤᠨ ᠭᠠᠷ ᠵᠡᠷᠭᠡ ᠵᠠᠭᠤᠴᠢᠯᠠᠭᠤᠷ ᠤᠨ ᠪᠠᠭᠠᠵᠢ ᠶᠢ ᠠᠰᠢᠭᠯᠠᠨ᠂ ᠵᠠᠬᠢᠳᠠᠯ | ᠰᠣᠷᠪᠤᠯᠵᠢᠯᠠᠭ᠎ᠠ ᠶᠢᠨ ᠲᠤᠬᠠᠢ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ᠂ ᠪᠤᠰᠤᠳ | ᠬᠥᠮᠥᠨ ᠢ ᠦᠳᠦᠭᠡᠬᠦ᠂ ᠵᠣᠬᠢᠶᠠᠨ ᠪᠠᠶᠢᠭᠤᠯᠬᠤ ᠠᠷᠭ᠎ᠠ ᠪᠠᠷ ᠵᠢᠭᠤᠷᠠᠯᠳᠤᠨ ᠦᠢᠮᠡᠬᠦᠯᠬᠦ ᠪᠤᠶᠤ ᠪᠤᠰᠤᠳ ᠬᠥᠮᠥᠨ ᠤ | ᠡᠶᠢᠮᠦᠷᠬᠦ ᠠᠵᠢᠯᠯᠠᠭ᠎ᠠ ᠬᠢᠬᠦ ᠳᠤ ᠬᠠᠪᠰᠤᠷᠤᠯᠭ᠎ᠠ ᠲᠡᠮᠵᠢᠯᠭᠡ ᠦᠵᠡᠬᠦᠯᠬᠦ᠃ | ︵ᠠᠷᠪᠠ︶ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠥᠪᠰᠢᠶᠡᠷᠡᠯ ᠦᠭᠡᠢ ᠪᠠᠷ ᠬᠠᠤᠯᠢ ᠪᠤᠰᠤ ᠬᠤᠷᠠᠯ ᠴᠤᠭᠯᠠᠭ᠎ᠠ ᠬᠢᠵᠦ᠂ ᠰᠦᠷᠳᠦ ᠵᠢᠭᠰᠠᠭᠠᠯ ᠶᠠᠪᠤᠭᠤᠯᠬᠤ᠂ ᠡᠰᠡᠬᠦᠯ᠎ᠡ | ᠵᠥᠪᠰᠢᠶᠡᠷᠡᠭᠰᠡᠨ ᠨᠦᠬᠦᠴᠡᠯ ᠱᠠᠭᠠᠷᠳᠠᠯᠭ᠎ᠠ ᠠᠴᠠ ᠵᠦᠷᠢᠴᠡᠵᠦ᠂ ᠬᠤᠷᠠᠯ ᠴᠤᠭᠯᠠᠭ᠎ᠠ ᠬᠢᠵᠦ᠂ ᠰᠦᠷᠳᠦ ᠵᠢᠭᠰᠠᠭᠠᠯ | ᠶᠠᠪᠤᠭᠤᠯᠬᠤ᠃ | ︵ᠠᠷᠪᠠᠨ ᠨᠢᠭᠡ︶ ᠵᠠᠬᠢᠳᠠᠯ ᠰᠣᠷᠪᠤᠯᠵᠢᠯᠠᠭ᠎ᠠ ᠬᠢᠬᠦ ᠶᠠᠪᠤᠴᠠ ᠳᠤ ᠪᠤᠶᠤ ᠵᠠᠬᠢᠳᠠᠯ ᠰᠣᠷᠪᠤᠯᠵᠢᠯᠠᠭ᠎ᠠ ᠶᠢᠨ | ᠨᠡᠷ᠎ᠡ ᠪᠠᠷ ᠲᠤᠰ ᠵᠠᠷᠯᠠᠯ ᠳᠤ ᠵᠢᠭᠰᠠᠭᠠᠭᠰᠠᠨ ᠪᠠᠶᠢᠳᠠᠯ ᠵᠢᠴᠢ ᠵᠠᠷᠯᠠᠯ ᠠᠴᠠ ᠭᠠᠳᠠᠨᠠᠬᠢ ᠪᠤᠰᠤᠳ ᠬᠠᠤᠯᠢ ᠪᠤᠰᠤ | ᠶᠠᠯᠠᠲᠤ ᠠᠵᠢᠯᠯᠠᠭ᠎ᠠ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ | ᠬᠠᠤᠯᠢ ᠴᠠᠭᠠᠵᠠ ᠲᠦᠷᠢᠮ ᠲᠣᠭᠲᠠᠭᠠᠯ ᠤᠨ ᠶᠣᠰᠣᠭᠠᠷ ᠵᠠᠰᠠᠭ ᠵᠠᠬᠢᠷᠭᠠᠨ ᠤ ᠰᠢᠳᠭᠡᠯ ᠤᠯᠭᠤᠨ᠎ᠠ ᠃ᠤᠢᠢᠯᠠ | ᠪᠠᠶᠢᠳᠠᠯ ᠨᠢ ᠬᠦᠨᠳᠦ ᠨᠣᠴᠢᠲᠠᠢ᠂ ᠶᠠᠯᠠᠳᠤ ᠠᠵᠢᠯᠯᠠᠭ᠎ᠠ ᠪᠤᠯᠤᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠢ ᠵᠢᠭᠠᠨ ᠳᠣᠬᠢᠵᠤ᠂ ᠠᠶᠤᠯᠭᠠᠨ ᠰᠦᠷᠳᠡᠭᠦᠯᠵᠦ᠂ ᠬᠠᠭᠤᠷᠤᠨ ᠮᠡᠬᠡᠯᠡᠵᠦ | ᠪᠠᠶᠢᠭᠠᠳ ᠬᠤᠯᠪᠣᠭᠳᠠᠯ ᠪᠦᠬᠦᠢ ᠬᠠᠤᠯᠢ ᠪᠤᠰᠤ ᠶᠠᠯᠠᠲᠤ ᠠᠵᠢᠯᠯᠠᠭ᠎ᠠ ᠶᠢ ᠬᠢᠯᠭᠡᠭᠰᠡᠨ ᠪᠤᠯ᠂ ᠵᠢᠭᠠᠨ ᠳᠣᠬᠢᠭᠰᠠᠨ᠂ | ᠠᠶᠤᠯᠭᠠᠨ ᠰᠦᠷᠳᠡᠭᠦᠯᠦᠭᠰᠡᠨ᠂ ᠬᠠᠭᠤᠷᠤᠨ ᠮᠡᠬᠡᠯᠡᠭᠰᠡᠨ ᠦᠢᠯᠡ ᠠᠵᠢᠯᠯᠠᠭ᠎ᠠ ᠪᠠᠷ ᠨᠢ ᠰᠢᠢᠳᠪᠦᠷᠢᠯᠡᠨ᠎ᠡ᠃ | ᠳᠥᠷᠪᠡ᠂ ᠳᠣᠣᠷᠠᠬᠢ ᠪᠠᠶᠢᠳᠠᠯ ᠲᠠᠢ ᠪᠤᠯ᠂ ᠬᠠᠤᠯᠢ ᠶᠣᠰᠣᠭᠠᠷ ᠬᠦᠨᠳᠦ ᠪᠠᠷ ᠰᠢᠳᠬᠡᠨ᠎ᠡ᠄ | ︵ᠨᠢᠭᠡ︶ ᠪᠡᠭᠡᠵᠢᠩ ᠬᠦᠬᠡᠬᠤᠳᠠ ᠳᠤ ᠬᠦᠷᠴᠦ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠬᠠᠤᠯᠢ | ᠪᠤᠰᠤ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠬᠢᠭᠰᠡᠨ᠃ | ︵ᠬᠤᠶᠠᠷ︶ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠶᠡᠭᠡ ᠬᠦᠳᠡᠯᠪᠦᠷᠢ ᠠᠵᠢᠯᠯᠠᠭ᠎ᠠ ᠪᠠ ᠴᠢᠬᠤᠯᠠ | ᠬᠤᠷᠠᠯ ᠴᠤᠭᠯᠠᠭᠠᠨ ᠤ ᠬᠤᠭᠤᠴᠠᠭᠠᠨ ᠳᠤ ᠭᠥᠯᠢᠶᠡᠨ ᠠᠪᠬᠤ ᠪᠤᠰᠤ ᠲᠠᠯᠠᠪᠤᠷ ᠲᠤ ᠣᠴᠢᠵᠤ ᠲᠡᠭᠡᠷ᠎ᠡ | ᠲᠤᠷᠠᠳᠤᠭᠰᠠᠨ ᠬᠤᠯᠪᠣᠭᠳᠠᠯ ᠪᠦᠬᠦᠢ ᠬᠠᠤᠯᠢ ᠪᠤᠰᠤ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ᠃ | ︵ᠭᠤᠷᠪᠠ︶ ᠳᠠᠬᠢᠨ ᠳᠠᠪᠲᠠᠨ ᠱᠠᠲᠤ ᠠᠯᠤᠰᠯᠠᠵᠤ ᠵᠠᠬᠢᠳᠠᠯ ᠰᠣᠷᠪᠤᠯᠵᠢᠯᠠᠭ᠎ᠠ ᠬᠢᠬᠦ᠂ ᠵᠢᠭᠤᠷᠠᠯᠳᠤᠨ | ᠦᠢᠮᠡᠬᠦᠯᠬᠦ᠂ ᠡᠰᠡᠬᠦᠯ᠎ᠡ ᠲᠣᠭᠲᠠᠭᠠᠯ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢᠨ ᠭᠥᠯᠢᠶᠡᠨ ᠠᠪᠬᠤ ᠲᠠᠯᠠᠪᠤᠷ ᠲᠤ | ᠬᠦᠷᠴᠦ ᠠᠰᠠᠭᠤᠳᠠᠯ ᠢ ᠲᠤᠰᠬᠠᠬᠤ ᠦᠭᠡᠢ᠂ ᠦᠢᠮᠡᠬᠦᠯᠦᠨ ᠰᠠᠮᠠᠭᠤᠷᠠᠭᠤᠯᠵᠤ᠂ ᠠᠮᠤᠷ ᠢ ᠬᠠᠮᠠᠭᠠᠯᠠᠬᠤ | ᠬᠠᠮᠢᠶᠠᠷᠤᠯᠲᠠ ᠠᠴᠠ ᠵᠥᠷᠢᠴᠡᠭᠰᠡᠨ ᠠᠵᠢᠯᠯᠠᠭ᠎ᠠ᠃ | ︵ᠳᠥᠷᠪᠡ︶ ᠬᠠᠤᠯᠢ ᠪᠤᠰᠤ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ | ᠤᠬᠠᠭᠠᠯᠠᠨ ᠰᠡᠳᠦᠬᠦ᠂ ᠰᠦᠯᠪᠡᠭᠡᠯᠡᠬᠦ᠂ ᠥᠳᠥᠭᠡᠬᠦ᠂ ᠡᠳ᠋ ᠮᠥᠩᠭᠦ ᠪᠠᠷ ᠲᠤᠰᠠᠯᠠᠬᠤ ᠠᠵᠢᠯᠯᠠᠭ᠎ᠠ᠃ | ︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠭᠡᠷᠡᠭ ᠢ ᠬᠠᠤᠯᠢ ᠶᠣᠰᠣᠭᠠᠷ ᠳᠠᠭᠤᠰᠬᠠᠭᠰᠠᠨ᠂ ᠡᠰᠡᠬᠦᠯ᠎ᠡ | ᠡᠶᠡᠳᠡᠭᠦᠯᠭᠡ ᠶᠢᠨ ᠭᠡᠷ᠎ᠡ ᠪᠤᠶᠤ ᠵᠠᠭᠠᠯᠳᠤᠯᠭ᠎ᠠ ᠶᠢ ᠵᠣᠭᠰᠤᠭᠠᠬᠤ ᠠᠮᠠᠯᠠᠯᠲᠠ ᠶᠢᠨ ᠭᠡᠷ᠎ᠡ ︵ᠬᠡᠯᠡᠯᠴᠡᠭᠡᠷ ᠤᠨ ᠪᠢᠴᠢᠭ︶ | ᠲᠣᠭᠲᠠᠭᠰᠠᠨ ᠪᠠᠶᠢᠲᠠᠯ᠎ᠠ ᠦᠷᠬᠦᠯᠵᠢᠯᠡᠨ ᠵᠠᠬᠢᠳᠠᠯ ᠰᠣᠷᠪᠤᠯᠵᠢᠯᠠᠭ᠎ᠠ ᠬᠢᠵᠦ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠃ | ︵ᠵᠢᠷᠭᠤᠭ᠎ᠠ︶ ᠬᠠᠤᠯᠢ ᠪᠤᠰᠤ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠠᠴᠠ ᠪᠣᠯᠵᠤ ᠵᠠᠰᠠᠭ ᠵᠠᠬᠢᠷᠭᠠᠨ ᠤ | ᠪᠤᠶᠤ ᠡᠷᠡᠭᠦᠦ ᠶᠢᠨ ᠬᠡᠷᠡᠭ ᠢᠶᠠᠷ ᠰᠢᠳᠬᠡᠭᠳᠡᠭᠰᠡᠨ ᠤ ᠳᠠᠷᠠᠭ᠎ᠠ᠂ ᠦᠷᠭᠦᠯᠵᠢᠯᠡᠨ ᠬᠠᠤᠯᠢ ᠪᠤᠰᠤ ᠵᠠᠬᠢᠳᠠᠯ | ᠰᠣᠷᠪᠤᠯᠵᠢᠯᠠᠭ᠎ᠠ ᠶᠢᠨ ᠶᠠᠯᠠᠲᠤ ᠠᠵᠢᠯᠯᠠᠭ᠎ᠠ ᠬᠢᠭᠰᠡᠨ᠃ | ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠬᠠᠤᠯᠢ ᠶᠣᠰᠣᠭᠠᠷ ᠣᠶᠤᠨᠴᠢ ᠪᠠᠷ ᠢᠯᠡᠳᠬᠡᠵᠦ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠳᠤᠮᠳᠠᠬᠢ ᠬᠠᠤᠯᠢ ᠪᠤᠰᠤ ᠶᠠᠯᠠᠲᠤ ᠠᠵᠢᠯᠯᠠᠭ᠎ᠠ ᠶᠢ ᠳᠡᠮᠵᠢᠬᠦ ᠦᠭᠡᠢ᠂ | ᠬᠠᠤᠯᠢ ᠪᠤᠰᠤ ᠶᠠᠯᠠᠲᠤ ᠠᠵᠢᠯᠯᠠᠭ᠎ᠠ ᠳᠤ ᠣᠷᠤᠯᠴᠠᠬᠤ ᠦᠭᠡᠢ ᠪᠠᠶᠢᠵᠤ᠂ ᠵᠠᠬᠢᠳᠠᠯ ᠰᠣᠷᠪᠤᠯᠵᠢᠯᠠᠭ᠎ᠠ ᠶᠢᠨ ᠡᠮᠬᠢ | ᠵᠢᠷᠤᠮ ᠪᠠ ᠨᠡᠶᠢᠭᠡᠮ ᠨᠡᠶᠢᠲᠡ ᠶᠢᠨ ᠡᠮᠬᠢ ᠲᠢᠭᠯᠡᠮ ᠢ ᠤᠬᠠᠮᠰᠠᠷ ᠠᠴᠠ ᠪᠠᠨ ᠬᠠᠮᠠᠭᠠᠯᠠᠨ᠂ ᠠᠮᠤᠷ ᠲᠣᠭᠲᠠᠭᠤᠨ ᠡᠮᠬᠢ | ᠵᠢᠷᠤᠮ ᠲᠠᠢ ᠨᠡᠶᠢᠭᠡᠮ ᠤᠨ ᠣᠷᠴᠢᠨ ᠲᠤᠭᠤᠷᠢᠨ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠠᠶᠢᠹᠤᠰᠧ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ | ᠲᠠᠶᠢᠹᠤᠰᠧ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠲᠠᠶᠢᠹᠤᠰᠧ ᠬᠤᠰᠢᠭᠤᠨ ᠤ | ᠠᠷᠠᠳ ᠤᠨ ᠰᠢᠭᠦᠬᠦ ᠬᠤᠷᠢᠶ᠎ᠠ | ᠲᠠᠶᠢᠹᠤᠰᠧ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ | ᠲᠠᠶᠢᠹᠤᠰᠧ ᠬᠤᠰᠢᠭᠤᠨ ᠤ | ᠬᠠᠤᠯᠢ ᠴᠠᠭᠠᠵᠠ ᠶᠢᠨ ᠲᠣᠪᠴᠢᠶ᠎ᠠ | ᠲᠠᠶᠢᠹᠤᠰᠧ ᠬᠤᠰᠢᠭᠤᠨ ᠤ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ | 2023 ᠣᠨ ᠤ 2 | ᠰᠠᠷ᠎ᠠ ᠶᠢᠨ 19 ᠤ ᠡᠳᠦᠷ |