ᠬᠤᠳᠠ ᠪᠠᠯᠭᠠᠰᠤᠨ ᠤ ᠴᠢᠳᠠᠮᠵᠢ ᠶᠢᠨ ᠢᠵᠢ ᠪᠦᠷᠢᠳᠦᠭᠰᠡᠨ ᠦᠢᠯᠡᠴᠢᠯᠡᠭᠡ ᠶᠢ ᠲᠡᠬᠦᠯᠳᠡᠷᠵᠢᠬᠦᠯᠦᠨ᠎ᠡ᠃ ᠬᠤᠲᠠ | ᠪᠠᠯᠭᠠᠰᠤᠨ ᠤ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠦᠸᠧ ᠹᠠᠩ ᠪᠠᠷᠠᠭᠤᠨ ᠵᠡᠭᠡᠯᠢ ᠶᠢᠨ | ᠲᠡᠷᠭᠡᠨ ᠵᠣᠭᠰᠣᠭᠠᠯ ᠢ ᠪᠠᠶᠢᠭᠤᠯᠤᠨ᠂ ᠰᠢᠨ ᠬᠤᠸᠠ ᠨᠡᠶᠢᠬᠡᠮ ᠲᠣᠭᠤᠷᠢᠭ᠂ ᠲᠠᠢ ᠫᠢᠩ ᠨᠡᠶᠢᠭᠡᠮ ᠲᠣᠭᠤᠷᠢᠭ | ᠪᠣᠯᠣᠨ ᠪᠤᠤᠴᠠᠩ ᠤᠨ ᠬᠤᠶᠢᠳᠤ ᠭᠡᠰᠡᠭ ᠲᠠᠬᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ ᠬᠦᠴᠢᠷ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ ᠲᠠᠢ ᠫᠢᠩ ᠨᠡᠶᠢᠭᠡᠮ | ᠲᠣᠭᠤᠷᠢᠭ᠂ ᠼᠠᠢ ᠶᠤᠸᠠᠨ ᠲᠣᠰᠬᠤᠨ ᠤ ᠨᠤᠷᠠᠭᠠᠵᠤ ᠨᠡᠭᠦᠯᠭᠡᠬᠦ ᠠᠵᠢᠯ ᠪᠠ ᠲᠠᠷᠢᠶᠠᠯᠠᠩ ᠤᠨ ᠠᠷᠠᠯᠵᠢᠶᠠᠨ ᠤ | ᠶᠡᠷᠦᠩᠬᠡᠶᠢᠯᠡᠭᠰᠡᠨ ᠲᠣᠮᠣ ᠵᠠᠬ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠤᠰᠤᠨ ᠤ ᠦᠢᠯᠡᠰ ᠤᠨ | ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠦᠷᠳᠡᠭᠡ ᠶᠢ | ᠨᠡᠭᠦᠯᠭᠡᠬᠦ ᠠᠵᠢᠯ ᠢ ᠬᠢᠨ᠎ᠡ᠃ ᠪᠢᠨ ᠾᠧ ᠵᠠᠮ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠨ ᠤ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠂ ᠤᠰᠤᠨ ᠤ ᠬᠡᠮᠵᠢᠬᠦᠷ ᠢ | ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠵᠡᠷᠭᠡ ᠶᠢ ᠬᠡᠷᠡᠭᠵᠢᠭᠦᠯᠵᠦ᠂ 12. 2 ᠺᠢᠯᠣᠮᠧᠲᠷ ᠤᠰᠤ ᠬᠠᠩᠭᠠᠬᠤ | ᠬᠤᠭᠤᠯᠠᠢ ᠂ 24.4 ᠺᠢᠯᠣᠮᠧᠲᠷ ᠢᠯᠴᠢ ᠬᠠᠩᠭᠠᠬᠤ ᠬᠤᠭᠤᠯᠠᠢ ᠂ 12.2 ᠺᠢᠯᠣᠮᠧᠲᠷ ᠪᠣᠬᠢᠷ ᠤᠰᠤᠨ ᠤ | ᠬᠤᠭᠤᠯᠠᠢ ᠂ 5.9 ᠺᠢᠯᠣᠮᠧᠲᠷ ᠪᠣᠷᠣᠭᠠᠨ ᠤ ᠤᠰᠤᠨ ᠤ ᠬᠤᠭᠤᠯᠠᠢ ᠶᠢ ᠳᠡᠪᠢᠰᠴᠦ᠂ 4 ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠬᠦᠯᠦᠨ᠎ᠡ᠃ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ ᠃ ︽ | ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠥᠷᠨᠢᠭᠦᠯᠵᠦ᠂ ᠵᠠᠮ ᠡᠵᠡᠯᠡᠨ | ᠠᠷᠠᠯᠵᠢᠶ᠎ᠠ ᠬᠢᠬᠦ ᠂ ᠲᠡᠷᠭᠡ ᠬᠦᠰᠭᠡ ᠳᠤᠷ᠎ᠠ ᠪᠠᠷ ᠵᠣᠭᠰᠣᠭᠠᠬᠤ᠂ ᠡᠳ᠋ ᠪᠠᠷᠠᠭ᠎ᠠ ᠳᠤᠷ᠎ᠠ ᠪᠠᠷ ᠤᠪᠤᠭᠠᠯᠠᠬᠤ᠂ ᠬᠤᠭ | ᠨᠤᠪᠰᠢ ᠳᠤᠷ᠎ᠠ ᠪᠠᠷ ᠠᠰᠠᠬᠠᠬᠤ ᠵᠡᠷᠭᠡ ︽ᠬᠤᠲᠠ ᠶᠢᠨ ᠠᠷᠬᠠᠭ︾ ᠢ ᠶᠡᠭᠡ ᠪᠠᠷ ᠴᠡᠭᠴᠡᠯᠡᠨ ᠵᠠᠰᠠᠵᠤ᠂ ᠵᠡᠭᠡᠯᠢ | ᠴᠡᠪᠡᠷᠯᠡᠬᠦ᠂ ᠢᠯᠴᠢ ᠬᠠᠩᠭᠠᠬᠤ᠂ ᠬᠡᠢ ᠬᠠᠩᠭᠠᠬᠤ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠠᠷᠢᠭᠤᠨ | ᠴᠡᠪᠡᠷ᠂ ᠡᠮᠬᠢ ᠲᠢᠭᠯᠡᠮ ᠲᠠᠢ᠂ ᠠᠮᠤᠷ ᠲᠦᠪᠰᠢᠨ᠂ ᠪᠣᠯᠪᠠᠰᠤᠨ ᠰᠠᠶᠢᠬᠠᠨ ᠬᠤᠲᠠ ᠪᠠᠯᠭᠠᠰᠤᠨ ᠤ ᠣᠷᠴᠢᠨ | ᠲᠤᠭᠤᠷᠢᠨ ᠢ ᠪᠣᠶ ᠪᠣᠯᠭᠠᠨ᠎ᠠ᠃ ︽ᠠᠳᠠᠯ ᠠᠬᠤᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ | ᠠᠵᠢᠯᠯᠠᠭ᠎ᠠ ᠶᠢ ᠴᠡᠭᠴᠡᠯᠡᠵᠦ ᠲᠦᠷᠢᠮᠵᠢᠬᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠦᠶᠯᠡ ᠠᠵᠢᠯᠯᠠᠭ᠎ᠠ ᠶᠢ ᠦᠨᠡᠨ ᠪᠣᠳᠠᠲᠠᠢ ᠪᠥᠭᠡᠳ ᠡᠷᠴᠢ ᠬᠦᠴᠦᠲᠡᠢ | ᠠᠷᠭ᠎ᠠ ᠬᠡᠮᠵᠢᠶ᠎ᠡ ᠠᠪᠴᠤ ᠴᠡᠭᠴᠡᠯᠡᠨ᠂ ᠪᠣᠯᠪᠠᠰᠤᠨ ᠬᠤᠲᠠ ᠶᠢᠨ ᠪᠠᠶᠢᠭᠤᠯᠤᠯᠳᠠ ᠶᠢ ᠦᠷᠭᠦᠯᠵᠢᠯᠡᠨ | ᠬᠦᠨᠵᠡᠬᠡᠶᠢᠷᠡᠬᠦᠯᠵᠦ᠂ ᠪᠥᠬᠦ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠠᠰᠠᠷ᠂ ᠣᠷᠣᠨ ᠰᠠᠭᠤᠴᠠ ᠶᠢᠨ ᠠᠰᠠᠷ ᠤᠨ ︽ | ᠭᠡᠷ ᠢᠶᠠᠨ ᠲᠤᠰᠢᠶᠠᠮᠠᠭᠴᠠ ᠦᠨᠡᠮᠯᠡᠯ ᠢ ᠭᠠᠷᠳᠠᠭᠤᠯᠬᠤ︾ ᠠᠵᠢᠯ ᠢ ᠬᠢᠨᠠᠮᠠᠭᠠᠢ ᠰᠠᠶᠢᠨ ᠬᠢᠵᠦ᠂ ᠦᠨᠡᠮᠯᠡᠯ | ᠬᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ | ᠵᠠᠮ ᠬᠠᠷᠢᠯᠴᠠᠭ᠎ᠠ ᠤᠰᠤᠨ ᠠᠰᠢᠭᠯᠠᠯᠲᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ︽ᠳᠥᠷᠪᠡᠨ | ᠰᠠᠶᠢᠨᠲᠠᠢ ᠬᠥᠳᠡᠭᠡ ᠶᠢᠨ ᠵᠠᠮ︾ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠴᠠᠭ᠎ᠠ | ᠲᠣᠰᠬᠤᠨ ᠤ ᠵᠠᠮ ᠨᠡᠪᠲᠡᠷᠡᠯᠭᠡ ᠶᠢᠨ ᠨᠥᠬᠦᠴᠡᠯ ᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠢ | 101 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠲᠠᠢ ᠽᠢ ᠴᠧᠩ ᠠᠴᠠ ᠰᠢᠯᠢ ᠶᠢᠨ | ᠬᠤᠳᠠ ᠬᠦᠷᠬᠦ ᠲᠡᠮᠦᠷ ᠵᠠᠮ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠤᠨ | ᠂ ︽304︾ ᠮᠤᠵᠢ ᠶᠢᠨ ᠵᠠᠮ ᠤᠨ ᠰᠢ ᠭᠠᠨ ᠭᠸᠦ ᠠᠴᠠ ᠵᠥᠩ ᠾᠧ ᠬᠦᠷᠬᠦ ᠬᠡᠰᠡᠭ ᠤᠨ ᠪᠠᠷᠢᠯᠭ᠎ᠠ ᠶᠢ ᠪᠥᠬᠦ | ᠲᠠᠯ᠎ᠠ ᠪᠠᠷ ᠳᠠᠭᠤᠰᠬᠠᠵᠤ ᠲᠡᠷᠭᠡ ᠨᠡᠪᠲᠡᠷᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠦᠪᠡᠷᠳᠡᠭᠡᠨ ᠪᠡᠯᠡᠳᠭᠡᠭᠰᠡᠨ | ᠬᠤᠳᠳᠤᠭ ᠮᠠᠯᠳᠠᠵᠤ ᠭᠡᠷᠡᠭᠯᠡᠬᠦ ᠶᠢ ᠡᠷᠡᠰ ᠵᠤᠭᠰᠤᠭᠠᠨ᠎ᠠ ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ | ᠤᠰᠤᠨ ᠤ ᠪᠠᠬᠢᠵᠢᠭᠦᠯᠦᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠤᠰᠤ ᠬᠠᠩᠭᠠᠬᠤ | ᠦᠷᠳᠡᠭᠡ 17 ᠶᠢ ᠰᠢᠨ᠎ᠡ ᠪᠠᠷ ᠪᠠᠶᠢᠭᠤᠯᠬᠤ ᠶᠢᠨ ᠬᠠᠮᠳᠤ᠂ 4 ᠺᠢᠯᠣᠮᠧᠲᠷ ᠦᠶᠡᠷ ᠵᠠᠯᠠᠬᠤ ᠭᠤᠤ ᠶᠢ ᠵᠠᠰᠠᠵᠤ᠂ | 20 ᠬᠠᠪᠳᠠᠭᠠᠢ ᠳᠥᠷᠪᠡᠯᠵᠢᠨ ᠺᠢᠯᠣᠮᠧᠲᠷ ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠡ᠃ ᠾᠸᠦ ᠹᠠᠩ ᠽᠢ | ᠲᠤᠰᠬᠤᠨ ᠤ ᠤᠰᠤ ᠬᠤᠷᠠᠬᠤ ᠠᠰᠠᠭᠤᠳᠠᠯ ᠢ ᠰᠢᠢᠳᠪᠦᠷᠢᠯᠡᠵᠦ᠂ ᠬᠠᠨ ᠢᠦᠢ ᠶᠢᠩ ᠭᠤᠣᠯ ᠤᠨ ᠦᠶᠡᠷ ᠰᠡᠷᠭᠡᠶᠢᠯᠡᠬᠦ | ᠢᠨᠵᠧᠨᠧᠷᠢᠩ ᠢ ᠲᠦᠷᠭᠡᠳᠭᠡᠨ᠂ ᠦᠶᠡᠷ ᠤᠨ ᠬᠤᠭᠤᠴᠠᠭ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ | ᠴᠠᠬᠢᠯᠭᠠᠨ ᠬᠦᠴᠦᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ 110 ᠺᠢᠯᠣᠸᠠᠲ ᠤᠨ ᠴᠠᠬᠢᠯᠭᠠᠨ | ᠲᠠᠮᠵᠢᠭᠤᠯᠵᠤ ᠬᠦᠴᠦᠳᠡᠯ ᠥᠭᠡᠷᠡᠴᠢᠯᠡᠬᠦ ᠦᠷᠳᠡᠭᠡ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ | ᠭᠤᠣᠯ ᠬᠤᠪᠢᠰᠬᠠᠭᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠪᠠ 10 ᠺᠢᠯᠣᠸᠠᠲ ᠠᠴᠠ ᠳᠣᠷᠣᠭᠰᠢᠬᠢ ᠴᠠᠬᠢᠯᠭᠠᠨ | ᠲᠠᠮᠵᠢᠭᠤᠯᠬᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠶᠢ ᠠᠵᠢᠯ ᠡᠬᠢᠯᠡᠭᠦᠯᠵᠤ᠂ 5G ᠰᠦᠯᠵᠢᠶ᠎ᠡ | ᠪᠠ ᠭᠡᠷᠡᠯᠯᠢᠭ ᠰᠢᠷᠬᠡᠭ ᠤᠨ ᠥᠷᠭᠡᠨ ᠪᠦᠰᠡ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ | |