ᠲᠠᠶᠢᠹᠤᠰᠧ ᠬᠤᠰᠢᠭᠤ ᠰᠣᠶᠣᠯ ᠵᠢᠭᠤᠯᠴᠢᠯᠠᠯ ᠪᠠ ᠠᠷᠠᠯᠵᠢᠶ᠎ᠠ ᠬᠤᠳᠠᠯᠳᠤᠭᠠᠨ ᠤ ᠦᠢᠯᠡᠰ ᠢ ᠠᠭᠤᠰᠤᠯᠴᠠᠭᠤᠯᠤᠨ ᠬᠦᠭᠵᠢᠬᠦᠯᠦᠨ᠎ᠡ
ᠨᠡᠶᠢᠲᠡᠯᠡᠭᠰᠡᠨ ᠴᠠᠭ᠄
2023/2/21
   2022 ᠤᠨ ᠳᠤ᠂  ᠲᠠᠶᠢᠹᠤᠰᠧ  ᠬᠤᠰᠢᠭᠤ ᠵᠢᠭᠤᠯᠴᠢᠯᠠᠯ ᠤᠨ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠭᠤᠷᠪᠠᠳᠤᠭᠠᠷ ᠠᠵᠤ ᠦᠢᠯᠡᠰ ᠢ  ᠯᠠᠪᠳᠠᠭᠤᠨ ᠢᠶᠠᠷ ᠬᠦᠭᠵᠢᠬᠦᠯᠵᠦ᠂  ᠬᠠᠭᠠᠨ ᠤ ᠠᠳᠤᠭᠤᠨ ᠵᠤᠰᠠᠭᠠᠯ᠂  ᠵᠢᠭᠤᠯᠴᠢᠯᠠᠭᠴᠢᠳ ᠲᠤ ᠦᠢᠯᠡᠴᠢᠯᠡᠬᠦ ᠲᠥᠪ᠂ ᠬᠡᠪ ᠨᠠᠮᠪᠠᠳᠤ ᠠᠳᠤᠭᠤᠳᠤ ᠪᠠᠯᠭᠠᠰᠤ ᠵᠡᠷᠭᠡ ᠲᠥᠷᠥᠯ ᠵᠦᠢᠯ ᠤᠨ ᠪᠠᠶᠢᠭᠤᠯᠤᠯᠲᠠ  ᠶᠢ  ᠲᠦᠷᠭᠡᠳᠭᠡᠨ᠂ ᠫᠤᠤᠲ᠋ᠠᠢ ᠶᠢᠩᠽᠢ ᠦᠢᠯᠡᠴᠢᠯᠡᠭᠡᠨ ᠤ ᠲᠣᠭᠤᠷᠢᠭ ᠤᠨ ᠦᠬᠡᠷᠡᠴᠢᠯᠡᠯᠳᠡ᠂ ᠳ᠋ᠦᠩᠱᠠᠨ ᠴᠡᠴᠡᠷᠯᠢᠭ  ᠤᠨ ᠭᠡᠷᠡᠯᠳᠦᠬᠦᠯᠭᠡ ᠵᠡᠷᠭᠡ ᠢᠨᠵᠧᠨᠧᠷᠢᠩ ᠢ ᠪᠡᠶᠡᠯᠡᠬᠦᠯᠦᠭᠰᠡᠨ ᠤ ᠬᠠᠮᠳᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ  ᠬᠥᠭᠵᠢᠮ ᠤᠨ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠨᠢᠭᠡᠳᠦᠭᠡᠷ ᠥᠷᠲᠡᠭᠡ — ᠲᠠᠶᠢᠹᠤᠰᠧ ᠬᠤᠰᠢᠭᠤᠨ ᠤ ᠬᠦᠢᠯᠡᠰᠦᠨ ᠴᠡᠴᠡᠭ ᠤᠨ ᠤᠯᠠᠷᠢᠯ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠴᠢᠨᠠᠷ ᠰᠠᠶᠢᠲᠠᠢ ᠡᠷᠬᠢᠯᠡᠭᠡᠳ᠂ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃  ᠡᠬᠦᠨ ᠤ ᠬᠠᠮᠳᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠬᠦᠯᠵᠦ ᠲᠠᠰ ᠳᠡᠪᠰᠢᠭᠦᠯᠬᠦ ᠲᠥᠷᠥᠯ ᠵᠦᠢᠯ ᠳᠤ ᠲᠦᠰᠢᠭᠯᠡᠨ᠂ ᠠᠷᠠᠯᠵᠢᠶ᠎ᠠ ᠭᠦᠢᠯᠭᠡᠭᠡᠨ ᠤ ᠰᠢᠰᠲ᠋ᠧᠮᠵᠢ ᠪᠠ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 167 ᠡᠷᠦᠬᠡ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ ᠪᠥᠬᠦ ᠲᠠᠯ᠎ᠠ ᠪᠠᠷ ᠲᠠᠰ ᠲᠡᠪᠰᠢᠬᠦᠯᠦᠨ᠂ ᠬᠦᠢᠲᠡᠨ ᠬᠡᠯᠬᠢᠶᠡᠲᠦ ᠪᠠᠷᠠᠭᠠᠨ ᠤ ᠲᠣᠬᠢᠷᠠᠭᠤᠯᠤᠨ ᠬᠦᠷᠭᠡᠬᠦ ᠲᠥᠪ ᠤᠨ ᠨᠢᠭᠡᠳᠦᠭᠡᠷ ᠬᠤᠭᠤᠴᠠᠭ᠎ᠠ ᠶᠢ ᠲᠣᠭᠲᠠᠭᠤᠨ ᠢᠶᠠᠷ ᠠᠵᠢᠯᠯᠠᠭᠤᠯᠵᠤ᠂ ᠬᠤᠶᠠᠳᠤᠭᠠᠷ ᠬᠤᠭᠤᠴᠠᠭ᠎ᠠ ᠶᠢ ᠠᠰᠢᠭᠯᠠᠯᠲᠠ ᠳᠤ ᠤᠷᠤᠭᠤᠯᠵᠠᠢ᠃ ᠮᠦᠨ ᠵᠢᠯ  ᠳᠤ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠠᠶᠢᠹᠤᠰᠧ ᠰᠠᠯᠪᠤᠷᠢ ᠪᠠᠩᠬᠢ ᠪᠠᠶᠢᠭᠤᠯᠤᠭᠳᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号