ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠴᠢᠳᠠᠪᠤᠷᠢᠲᠠᠨ ᠤ ᠪᠣᠯᠪᠠᠰᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2023/2/21
    ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠲᠡᠭᠡᠭᠰᠢᠯᠡᠬᠦᠯᠦᠨ᠂ ᠰᠣᠶᠣᠯ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂  ᠵᠢᠭᠤᠯᠴᠢᠯᠠᠯ ᠤᠨ ᠦᠢᠯᠡᠰ ᠡᠷᠬᠢᠯᠡᠭᠰᠡᠳ ᠤᠨ  ᠬᠢᠷᠢ ᠴᠢᠳᠠᠪᠤᠷᠢ ᠪᠠ ᠦᠢᠯᠡᠴᠢᠯᠡᠭᠡᠨ ᠤ ᠤᠬᠠᠮᠰᠠᠷ ᠢ ᠨᠡᠮᠡᠭᠳᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂ 2 ᠰᠠᠷ᠎ᠠ ᠶᠢᠨ 18 ᠤ ᠡᠳᠦᠷ ᠲᠠᠶᠢᠹᠤᠰᠧ ᠬᠤᠰᠢᠭᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠤᠯᠴᠢᠯᠠᠯ ᠤᠨ ᠠᠵᠤ ᠦᠢᠯᠡᠰ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ ᠶᠢ ᠪᠡᠭᠡᠵᠢᠩ ᠳᠤ ᠡᠷᠬᠢᠯᠡᠭᠰᠡᠨ ᠪᠠᠶᠢᠨ᠎ᠠ᠃ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠶᠢᠩ ᠵᠢᠶᠧ᠂ ᠳᠡᠳ᠋ ᠲᠣᠪᠴᠢᠶᠠᠨ ᠳᠠᠷᠤᠭ᠎ᠠ ᠰᠠᠷᠠᠭᠤᠯ᠂ ᠵᠢᠭᠤᠯᠴᠢᠯᠠᠯ ᠢ ᠬᠦᠭᠵᠢᠬᠦᠯᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠵᠠᠨ ᠪᠢᠨ ᠪᠦᠯᠬᠦᠮ ᠳᠠᠭᠠᠭᠤᠯᠵᠤ᠂ ᠬᠤᠰᠢᠭᠤᠨ ᠤ ᠵᠢᠭᠤᠯᠴᠢᠯᠠᠯ ᠤᠨ ᠴᠡᠭ ᠤᠨ ᠬᠠᠷᠢᠭᠤᠴᠠᠯᠭᠠᠲᠠᠨ ᠨᠡᠶᠢᠲᠡ 33 ᠬᠥᠮᠥᠨ ᠪᠣᠯᠪᠠᠰᠤᠷᠠᠯ ᠳᠤ ᠣᠷᠣᠯᠴᠠᠵᠠᠢ᠃  ᠡᠨᠡ ᠤᠳᠠᠭᠠᠨ ᠤ ᠪᠣᠯᠪᠠᠰᠤᠷᠠᠯ ᠨᠢ ᠣᠨᠣᠯ ᠤᠨ ᠬᠢᠴᠢᠶᠡᠯ ᠪᠠ ᠲᠣᠭᠤᠷᠢᠨ ᠦᠵᠡᠬᠦ ᠶᠢ  ᠤᠶᠠᠯᠳᠤᠭᠤᠯᠵᠤ  ᠂ 7 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠨ᠎ᠠ᠃  ᠪᠤᠯᠪᠠᠰᠤᠷᠠᠯ ᠢᠶᠠᠷ ᠲᠠᠮᠵᠢᠭᠠᠳ᠂  ᠴᠠᠩ ᠫᠢᠩ ᠲᠤᠭᠤᠷᠢᠭ ᠤᠨ ᠠᠷᠭ᠎ᠠ ᠲᠤᠷᠰᠢᠯᠭ᠎ᠠ ᠪᠠᠷ ᠲᠣᠯᠢ ᠪᠣᠯᠭᠠᠵᠤ᠂  ᠲᠤᠰ ᠬᠤᠰᠢᠭᠤᠨ ᠤ ᠪᠠᠨ ᠵᠢᠭᠤᠯᠴᠢᠯᠠᠯ ᠤᠨ ᠣᠷᠣᠨ᠂  ᠵᠢᠭᠤᠯᠴᠢᠯᠠᠯ ᠤᠨ ᠡᠷᠦᠬᠡ ᠶᠢ ᠵᠢᠯᠤᠭᠤᠳᠴᠤ ᠪᠠᠶᠢᠭᠠᠳ   ᠦᠢᠯᠡᠴᠢᠯᠡᠭᠡᠨ ᠤ ᠶᠠᠰᠤ ᠴᠢᠨᠠᠷ᠂ ᠲᠤᠰᠬᠠᠶᠢᠵᠢᠭᠰᠠᠨ ᠬᠢᠷᠢ ᠲᠦᠪᠰᠢᠨ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠢᠭᠡ ᠪᠦᠯᠦᠭ ᠨᠡᠷᠡᠲᠦ ᠲᠡᠮᠳᠡᠭᠲᠦ ᠵᠢᠭᠤᠯᠴᠢᠯᠠᠯ ᠤᠨ ᠠᠵᠤ ᠠᠬᠤᠶᠢᠯᠠᠯ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠤᠶᠢᠵᠢᠭᠤᠯᠤᠨ᠂  ᠵᠢᠭᠤᠯᠴᠢᠯᠠᠯ ᠤᠨ ᠨᠠᠷᠠᠲᠤ ᠲᠡᠮᠳᠡᠭ ᠤᠨ IP ᠰᠢᠰᠲ᠋ᠧᠮᠵᠢ ᠶᠢ ᠪᠠᠶᠢᠭᠤᠯᠵᠤ᠂ ᠡᠭᠦᠨ ᠤ ᠤᠯᠠᠮ ᠠᠴᠠ ᠵᠢᠭᠤᠯᠴᠢᠯᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂  ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ  ᠦᠢᠯᠡᠴᠢᠯᠡᠭᠡ  ᠪᠠᠷ  ᠥᠨᠳᠥᠷ ᠪᠠᠷᠢᠮᠵᠢᠶᠠᠲᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ  ᠰᠢᠰᠲ᠋ᠧᠮᠵᠢ ᠶᠢ ᠪᠠᠶᠢᠭᠤᠯᠤᠨ᠂  ᠪᠦᠬᠦ ᠠᠵᠤ ᠦᠢᠯᠡᠰ ᠤᠨ ᠬᠡᠯᠬᠢᠶᠡᠨ ᠤ ᠦᠷ᠎ᠡ ᠠᠰᠢᠭ ᠢ  ᠨᠡᠮᠡᠭᠳᠡᠬᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠰᠢᠨ᠎ᠡ ᠠᠵᠠ ᠲᠣᠬᠢᠶᠠᠯ  ᠢ ᠬᠠᠩᠭᠠᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠬᠦᠴᠦᠨ  ᠨᠡᠮᠡᠷᠢᠯᠡᠬᠦ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号