ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠤᠷᠢᠶᠠᠯᠠᠭ᠎ᠠ
ᠨᠡᠶᠢᠲᠡᠯᠡᠭᠰᠡᠨ ᠴᠠᠭ᠄
2023/2/21
ᠲᠠᠶᠢᠹᠤᠰᠧ ᠬᠤᠰᠢᠭᠤᠨ ᠤ ᠡᠯ᠎ᠡ ᠡᠲᠡᠭᠡᠳ ᠤᠨ ᠨᠠᠶᠢᠵᠠ ᠨᠦᠬᠦᠳ ᠡ᠄    ︽ ᠤᠯᠤᠰ ᠦᠨᠳᠦᠰᠦᠲᠡᠨ ᠢᠶᠠᠨ ᠬᠥᠭᠵᠢᠭᠦᠯᠦᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ︾᠃ ᠲᠠᠶᠢᠹᠤᠰᠧ ᠬᠤᠰᠢᠭᠤ ᠪᠣᠯ ᠮᠠᠨ ᠤ ᠬᠠᠮᠲᠤ ᠶᠢᠨ ᠨᠤᠲᠤᠭ᠂ ᠨᠤᠲᠤᠭ ᠤᠰᠤᠨ ᠤ ᠪᠠᠨ ᠴᠤᠭᠴᠠᠯᠠᠯᠳᠠ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯ ᠪᠢᠳᠡᠨ ᠤ ᠲᠦᠯᠬᠢᠵᠦ ᠪᠣᠯᠣᠰᠢ ᠦᠭᠡᠢ  ᠡᠬᠦᠷᠭᠡ ᠬᠠᠷᠢᠭᠤᠴᠠᠯᠭ᠎ᠠ ᠪᠢᠯᠡ᠃       ᠣᠳᠣᠬᠠᠨ ᠳᠤ᠂ ᠬᠤᠰᠢᠭᠤ ᠲᠠᠶᠠᠭᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠳᠡᠪᠬᠢᠲᠡᠢ ᠰᠠᠶᠢᠵᠢᠷᠠᠭᠤᠯᠤᠨ᠂ ᠠᠮᠢ  ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠵᠤ ᠪᠠᠶᠢᠭ᠎ᠠ᠃ ᠡᠶᠢᠨ ᠬᠦ᠋᠂ ᠭᠠᠳᠠᠨ᠎ᠠ ᠤᠷᠤᠨ ᠳᠤ ᠪᠠᠶᠢᠭ᠎ᠠ ᠲᠠᠶᠢᠹᠤᠰᠧ ᠬᠤᠰᠢᠭᠤᠨ ᠤ ᠡᠯ᠎ᠡ ᠡᠲᠡᠭᠡᠳ ᠤᠨ ᠨᠠᠶᠢᠵᠠ ᠨᠦᠬᠦᠳ ᠤᠨ ᠨᠤᠲᠤᠭ ᠤᠰᠤᠨ ᠳᠠᠭᠠᠨ ᠦᠨᠳᠦᠰᠦᠯᠡᠵᠦ᠂ ᠨᠤᠲᠤᠭ ᠤᠨ ᠠᠬ᠎ᠠ ᠳᠡᠭᠦᠦ ᠨᠠᠷ ᠲᠠᠢ ᠪᠠᠨ ᠰᠡᠳᠬᠢᠯ ᠵᠢᠷᠦᠬᠡ ᠪᠠᠨ ᠬᠤᠯᠪᠣᠬᠤ ᠡᠵᠡᠨ ᠬᠥᠮᠥᠨ ᠤ ᠣᠪᠣᠷ ᠢᠶᠠᠷ᠂ ᠨᠤᠲᠤᠭ ᠤᠰᠤᠨ ᠤ ᠪᠠᠨ ᠴᠤᠭᠴᠠᠯᠠᠯᠳᠠ ᠳᠤ ᠢᠳᠡᠪᠬᠢᠲᠡᠢ  ᠤᠷᠤᠯᠴᠠᠨ᠂ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ  ᠂  ᠡᠨᠡᠬᠦ ᠤᠷᠢᠶᠠᠯᠠᠭ᠎ᠠ ᠶᠢ ᠭᠠᠷᠭᠠᠯ᠎ᠠ᠃    ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠳᠤ ᠴᠠᠭ ᠪᠢᠳᠡᠨ ᠢ ᠬᠦᠯᠢᠶᠡᠬᠦ ᠦᠭᠡᠢ᠂ ᠨᠤᠲᠤᠭ ᠤᠰᠤ ᠪᠠᠨ ᠴᠤᠭᠴᠠᠯᠠᠨ ᠪᠠᠶᠢᠭᠤᠯᠬᠤ ᠳᠤ ᠬᠦᠮᠦᠨ ᠨᠢᠬᠡᠪᠦᠷᠢ ᠬᠠᠷᠢᠭᠤᠴᠠᠯᠭ᠎ᠠ ᠲᠠᠢ ᠶᠤᠮ᠃  ᠦᠷᠭᠡᠨ ᠤᠯᠠᠨ ᠲᠠᠶᠢᠹᠤᠰᠧ   ᠨᠤᠳᠤᠭᠳᠠᠳ ᠤᠨ ᠤᠶᠤᠨ ᠤᠬᠠᠭᠠᠨ ᠢᠶᠠᠨ ᠲᠦᠪᠯᠡᠷᠡᠬᠦᠯᠵᠦ᠂ ᠠᠷᠭ᠎ᠠ ᠪᠤᠳᠤᠯᠭ᠎ᠠ ᠭᠠᠷᠭᠠᠵᠤ᠂ ᠨᠤᠲᠤᠭ ᠤᠰᠤᠨ ᠤ ᠪᠠᠨ ᠠᠵᠤ ᠠᠬᠤᠢ ᠶᠢᠨ  ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂  ᠥᠷᠭᠡᠨ ᠬᠠᠷᠠᠭ᠎ᠠ᠂ ᠠᠮᠢᠳᠤᠯᠢᠭ ᠰᠡᠳᠬᠢᠬᠦᠢ᠂ ᠪᠠᠶᠠᠯᠢᠭ ᠰᠤᠷᠪᠤᠯᠵᠢ ᠵᠡᠷᠭᠡ ᠳᠠᠪᠠᠭᠤᠯᠢᠭ ᠢᠶᠠᠨ ᠠᠰᠢᠭᠯᠠᠵᠤ᠂ ᠲᠦᠷᠦᠯ ᠵᠦᠢᠯ ᠢ ᠤᠷᠢᠵᠤ ᠤᠷᠤᠭᠤᠯᠬᠤ᠂ ᠮᠡᠷᠭᠡᠵᠢᠯ ᠢ ᠤᠷᠢᠵᠤ ᠤᠷᠤᠭᠤᠯᠬᠤ᠂ ᠪᠡᠯᠡ ᠮᠥᠩᠭᠦ   ᠶᠢ ᠤᠷᠢᠵᠤ ᠤᠷᠤᠭᠤᠯᠬᠤ᠂ ᠠᠵᠤ ᠦᠢᠯᠡᠰ ᠢ ᠤᠷᠢᠵᠤ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠲᠠᠶᠢᠹᠤᠰᠧ ᠬᠤᠰᠢᠭᠤᠨ ᠳᠠᠭᠠᠨ ᠪᠡᠯᠡ ᠣᠷᠣᠭᠤᠯᠵᠤ᠂ ᠲᠠᠶᠢᠹᠤᠰᠧ ᠬᠤᠰᠢᠭᠤ  ᠪᠠᠨ ᠴᠤᠭᠴᠠᠯᠠᠨ ᠪᠠᠶᠢᠭᠤᠯᠵᠤ᠂  ᠨᠤᠳᠤᠭ ᠤᠰᠤᠨ ᠤ ᠪᠠᠨ ᠪᠦᠲᠦᠭᠡᠨ ᠪᠠᠶᠢᠭᠤᠯᠤᠭᠴᠢ ᠪᠠ ᠪᠠᠶᠠᠵᠢᠯ ᠤᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ  ᠪᠤᠯᠳᠤᠭᠠᠢ᠃ ᠡᠭᠦᠨ ᠤ ᠬᠠᠮᠲᠤ᠂ ᠨᠤᠲᠤᠭ ᠤᠨ ᠢᠶᠠᠨ ᠳᠦᠷᠢ ᠲᠥᠷᠬᠦ ᠶᠢᠨ ᠡᠯᠴᠢᠨ ᠪᠣᠯᠵᠤ᠂ ᠨᠤᠲᠤᠭ ᠤᠷᠤᠨ ᠢᠶᠠᠨ ᠢᠯᠡᠬᠦᠦ ᠤᠬᠠᠭᠤᠯᠤᠨ ᠲᠠᠨᠢᠯᠴᠠᠭᠤᠯᠵᠤ᠂ ᠨᠤᠲᠤᠭ ᠤᠷᠤᠨ ᠤ ᠪᠠᠨ ᠦᠯᠢᠭᠡᠷ ᠢ ᠰᠠᠶᠢᠬᠠᠨ ᠶᠠᠷᠢᠵᠤ᠂ ᠨᠤᠲᠤᠭ ᠤᠷᠤᠨ ᠤ ᠲᠠᠭᠤᠨ ᠢ ᠤᠯᠠᠮᠵᠢᠯᠠᠵᠤ᠂ ᠨᠡᠩ ᠤᠯᠠᠨ ᠡᠷᠳᠡᠮᠲᠡᠨ ᠮᠡᠷᠭᠡᠳ ᠲᠤ ᠲᠠᠶᠢᠹᠤᠰᠧ ᠬᠤᠰᠢᠭᠤ ᠪᠠᠨ ᠣᠶᠢᠯᠠᠭᠠᠭᠤᠯᠵᠤ᠂  ᠲᠠᠶᠢᠹᠤᠰᠧ ᠬᠤᠰᠢᠭᠤ ᠪᠠᠨ ᠠᠩᠬᠠᠷᠤᠭᠤᠯᠵᠤ᠂   ᠲᠠᠶᠢᠹᠤᠰᠧ  ᠬᠤᠰᠢᠭᠤᠨ ᠳᠠᠭᠠᠨ ᠪᠡᠯᠡ ᠤᠷᠤᠭᠤᠯᠤᠭᠤᠯᠵᠤ᠂  ᠲᠠᠶᠢᠹᠤᠰᠧ ᠬᠤᠰᠢᠭᠤᠨ ᠤ  ᠪᠠᠨ ᠬᠦᠭᠵᠢᠯ ᠮᠠᠨᠳᠤᠯ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃     ᠪᠦᠬᠦ ᠤᠯᠤᠰ ᠤᠨ ᠡᠯ᠎ᠡ ᠭᠠᠵᠠᠷ ᠲᠤ ᠰᠢᠷᠭᠠᠭᠤ ᠬᠠᠲᠠᠭᠤᠵᠢᠯᠲᠠᠢ ᠪᠠᠷ ᠠᠳᠠᠯ ᠦᠢᠯᠡᠰ ᠴᠣᠭᠴᠠᠯᠠᠭᠰᠠᠨ ᠲᠠᠶᠢᠹᠤᠰᠧ ᠬᠤᠰᠢᠭᠤᠨ ᠤ ᠡᠷᠳᠡᠮᠲᠡᠨ ᠮᠡᠷᠭᠡᠳ ᠪᠠ ᠰᠢᠯᠢᠳᠡᠭ ᠴᠢᠳᠠᠪᠤᠷᠢᠲᠠᠨ ᠨᠠᠷ ᠤᠨ ᠬᠤᠰᠢᠭᠤ ᠨᠤᠳᠤᠭ ᠤᠨ  ᠢᠶᠠᠨ  ᠴᠤᠭᠴᠠᠯᠠᠯᠳᠠ ᠬᠦᠭᠵᠢᠯᠳᠡ ᠳᠤ ᠢᠳᠡᠪᠬᠢᠲᠡᠢ ᠪᠠᠷ ᠣᠷᠣᠯᠴᠠᠵᠤ᠂ ᠨᠤᠲᠤᠭ ᠲᠠᠭᠠᠨ ᠪᠤᠴᠠᠵᠤ ᠦᠢᠯᠡᠰ ᠪᠦᠳᠦᠬᠡᠬᠦ ᠪᠤᠶᠤ ᠮᠡᠳᠡᠭᠡ ᠵᠠᠩᠭᠢ  ᠬᠠᠩᠭᠠᠨ᠂  ᠬᠦᠬᠦᠷᠭᠡ ᠬᠤᠯᠪᠣᠭ᠎ᠠ ᠪᠤᠯᠵᠤ᠂ ᠬᠥᠳᠡᠭᠡ ᠲᠣᠰᠬᠤᠨ ᠤ ᠬᠥᠭᠵᠢᠯᠲᠡ ᠳᠤ ᠠᠷᠭ᠎ᠠ  ᠪᠤᠳᠤᠯᠭ᠎ᠠ ᠭᠠᠷᠭᠠᠨ᠂ ᠨᠤᠲᠤᠭ ᠤᠰᠤᠨ ᠤ ᠪᠠᠨ ᠠᠵᠤ ᠦᠢᠯᠡᠰ ᠤᠨ ᠬᠥᠭᠵᠢᠯᠲᠡ ᠳᠤ ᠵᠠᠭᠤᠴᠢ ᠪᠣᠯᠵᠤ ᠪᠡᠯᠡ ᠤᠷᠤᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ  ᠂ ᠨᠤᠲᠤᠭ ᠤᠰᠤᠨ ᠤ ᠪᠠᠨ  ᠮᠠᠯ ᠲᠠᠷᠢᠶᠠᠯᠠᠩ ᠤᠨ ᠠᠵᠤ ᠦᠶᠢᠯᠡᠰᠵᠢᠯᠲᠡ ᠶᠢ ᠲᠦᠷᠭᠡᠳᠭᠡᠵᠦ᠂ ᠨᠤᠲᠤᠭ ᠤᠨ ᠠᠬ᠎ᠠ ᠳᠡᠭᠦᠦ ᠨᠠᠷ ᠤᠨ ᠣᠷᠣᠯᠭ᠎ᠠ ᠶᠢ  ᠨᠡᠮᠡᠭᠳᠡᠬᠦᠯᠦᠨ᠂ ᠨᠤᠲᠤᠭ ᠤᠰᠤᠨ ᠤ ᠪᠠᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ ᠬᠦᠴᠦᠨ ᠪᠣᠯᠵᠤ᠂  ᠲᠠᠶᠢᠹᠤᠰᠧ ᠬᠤᠰᠢᠭᠤᠨ ᠤ ᠪᠠᠨ ᠴᠤᠭᠴᠠᠯᠠᠯᠳᠠ ᠬᠥᠭᠵᠢᠯᠲᠡ ᠳᠤ ᠬᠤᠪᠢ ᠨᠡᠮᠡᠷᠢ ᠪᠠᠨ  ᠦᠵᠡᠬᠦᠯᠬᠦ ᠶᠢ ᠬᠦᠰᠡᠵᠦ ᠪᠠᠶᠢᠨᠠᠮ᠃     ︽ᠤᠯᠠᠨ ᠤ ᠬᠦᠴᠦᠨ ᠳᠤ ᠤᠪᠤᠭ᠎ᠠ ᠪᠤᠰᠤᠨ᠎ᠠ︾ ᠭᠡᠳᠡᠭ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠤ ᠦᠢᠯᠡᠰ ᠲᠤ ᠣᠷᠤᠯᠴᠠᠬᠤ ᠰᠠᠨᠠᠭ᠎ᠠ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯᠲᠠᠨ᠂  ᠬᠠᠯᠠᠭᠤᠨ ᠰᠡᠳᠬᠢᠯ ᠲᠠᠢ ᠨᠠᠶᠢᠵᠠ ᠨᠦᠬᠦᠳ ᠲᠠ ᠨᠠᠷ ᠢ ᠬᠠᠯᠠᠭᠤᠨ ᠢᠶᠠᠷ ᠤᠭᠲᠤᠵᠤ ᠪᠠᠶᠢᠨ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠯᠤᠭ᠎ᠠ ᠬᠠᠷᠢᠴᠠᠵᠤ᠂  ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠪᠠᠨ ᠦᠵᠡᠬᠦᠯᠵᠡᠭᠡᠶ᠎ᠡ︕ ᠡᠷᠬᠢᠮ ᠲᠠᠨ ᠤ ᠬᠠᠯᠠᠮᠵᠢ ᠳᠡᠮᠵᠢᠯᠭᠡ ᠳᠤ ᠪᠠᠶᠠᠷᠯᠠᠯ᠎ᠠ︕           ᠬᠠᠷᠢᠯᠴᠠᠬᠤ ᠤᠲᠠᠰᠤ᠄ 0479-5238851                                 ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ                       2023 ᠣᠨ ᠤ 2 ᠰᠠᠷ᠎ᠠ ᠶᠢᠨ 20 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号