ᠶᠦᠩ ᠹᠧᠩ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠣᠭᠲᠠᠮᠠᠯ ᠬᠤᠷᠠᠯ ᠬᠢᠭᠰᠡᠨ
ᠨᠡᠶᠢᠲᠡᠯᠡᠭᠰᠡᠨ ᠴᠠᠭ᠄
2023/2/21
   2 ᠰᠠᠷ᠎ᠠ ᠶᠢᠨ 20 ᠤ ᠡᠳᠦᠷ᠂ ᠶᠦᠩ ᠹᠧᠩ ᠪᠠᠯᠭᠠᠰᠤ 2023 ᠣᠨ ᠤ ᠬᠤᠶᠠᠳᠤᠭᠠᠷ ᠤᠳᠠᠭᠠᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠣᠭᠲᠠᠮᠠᠯ ᠬᠤᠷᠠᠯ ᠵᠢᠴᠢ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂  ᠬᠤᠰᠢᠭᠤᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ ᠬᠤᠷᠠᠯ ᠳᠤ ᠤᠷᠤᠯᠴᠠᠵᠠᠢ᠃ ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠡᠬᠢᠯᠡᠯᠲᠡ ᠨᠢ ᠪᠦᠬᠦ ᠲᠠᠯ᠎ᠠ ᠳᠤ ᠬᠤᠯᠪᠣᠭᠳᠠᠵᠤ᠂ ᠡᠬᠢᠯᠡᠯᠲᠡ  ᠨᠢ ᠬᠤᠶᠢᠰᠢᠳᠠ ᠶᠢᠨ ᠶᠠᠪᠤᠴᠠ ᠶᠢ ᠲᠤᠭᠳᠠᠭᠠᠨ᠎ᠠ᠂ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠡᠬᠦᠷᠭᠡ ᠬᠠᠷᠢᠭᠤᠴᠠᠯᠭ᠎ᠠ ᠬᠦᠨᠳᠦ᠂ ᠠᠴᠢ ᠬᠤᠯᠪᠣᠭᠳᠠᠯ ᠶᠡᠭᠡ ᠪᠠᠶᠢᠭ᠎ᠠ ᠶᠤᠮ᠃  ᠤᠯᠠᠨ ᠢᠶᠠᠷ ᠢᠶᠠᠨ  ︽ᠬᠤᠶᠠᠷ ᠬᠤᠷᠠᠯ︾ ᠤᠨ ᠬᠤᠭᠤᠴᠠᠭᠠᠨ ᠳᠠᠬᠢ  ᠠᠮᠤᠷ  ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ  ᠪᠠᠳᠤᠯᠠᠬᠤ ᠭᠡᠷᠡᠭᠳᠡᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠲᠠᠮᠵᠢᠭᠤᠯᠵᠤ᠂ ᠬᠡᠷᠡᠭ ᠶᠠᠪᠤᠳᠠᠯ ᠢ ᠪᠦᠲᠦᠮᠵᠢᠲᠡᠶ ᠰᠢᠢᠳᠪᠦᠷᠢᠯᠡᠬᠦ  ᠬᠡᠷᠡᠭᠲᠡᠢ᠃ ᠡᠯ᠎ᠡ ᠲᠣᠰᠬᠤᠨ ᠤ  ᠬᠢᠨ ᠵᠥᠷᠢᠴᠡᠯ ᠵᠢᠭᠤᠷᠠᠭᠠᠨ ᠢ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠣᠷᠣᠰᠢᠵᠤ ᠪᠠᠶᠢᠭ᠎ᠠ  ᠬᠡᠮ ᠰᠣᠭᠤᠭ ᠢ  ᠴᠠᠭ ᠲᠤᠬᠠᠢ ᠳᠤᠨᠢ ᠢᠯᠡᠷᠡᠬᠦᠯᠦᠨ᠂ ᠴᠠᠭ ᠲᠤᠬᠠᠢ ᠳᠤᠨᠢ ᠠᠷᠢᠯᠭᠠᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠠᠳᠤᠯᠠᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠴᠤᠬᠤᠶᠢᠵᠤ ᠭᠠᠷᠤᠮᠠᠭᠴᠠ ᠤᠰᠠᠳᠬᠠᠬᠤ ᠬᠡᠷᠡᠭᠲᠡᠢ᠃  ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠠᠵᠢᠯ ᠤᠨ ᠠᠷᠭ᠎ᠠ ᠬᠡᠯᠪᠡᠷᠢ ᠶᠢ ᠡᠷᠬᠢᠮᠯᠡᠵᠦ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠨ ᠬᠢᠵᠦ᠂ ︽ᠬᠤᠶᠠᠷ ᠬᠤᠷᠠᠯ︾  ᠤᠨ ᠬᠤᠭᠤᠴᠠᠭᠠᠨ ᠳᠠᠬᠢ ᠪᠦᠬᠦ ᠪᠠᠯᠭᠠᠰᠤᠨ ᠤ ᠨᠡᠶᠢᠭᠡᠮ ᠤᠨ ᠠᠮᠤᠷ ᠲᠣᠭᠲᠠᠭᠤᠨ ᠢ ᠡᠷᠭᠡᠪᠰᠢ ᠪᠠᠲᠤᠯᠠᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠷᠠᠯ ᠲᠡᠭᠡᠷ᠎ᠡ᠂ ᠠᠶᠤᠯᠭᠦᠢ ᠦᠢᠯᠡᠳᠪᠦᠷᠢᠯᠡᠯ᠂ ᠰᠦᠯᠵᠢᠶᠡᠨ ᠤ ᠶᠠᠷᠢᠶ᠎ᠠ ᠬᠡᠯᠡᠯᠴᠡᠭᠡ᠂ ᠵᠠᠬᠢᠳᠠᠯ ᠰᠣᠷᠪᠤᠯᠵᠢᠯᠠᠭ᠎ᠠ ᠵᠡᠷᠭᠡ ᠬᠦᠷᠢᠶ᠎ᠡ ᠴᠠᠷᠠᠭᠠᠨ ᠤ ᠠᠵᠢᠯ ᠢ ᠲᠠᠬᠢᠨ ᠲᠣᠬᠢᠷᠠᠭᠤᠯᠵᠤ ᠲᠠᠬᠢᠨ ᠪᠠᠶᠢᠷᠢᠯᠠᠭᠤᠯᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号