ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ | ᠪᠦᠬᠦ ᠬᠦᠴᠦᠨ ᠢᠶᠠᠷ ᠰᠠᠶᠢᠨ ᠬᠢᠬᠦ ᠶᠢᠨ ᠲᠥᠯᠥᠭᠡ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠭᠧᠩ ᠯᠢ ᠵᠢᠶᠦ᠋ᠨ ᠤᠨ ᠲᠠᠭᠠᠭᠤᠯᠤᠭᠰᠠᠨ | ᠰᠢᠨᠵᠢᠯᠡᠨ ᠪᠠᠶᠢᠴᠠᠭᠠᠬᠤ ᠪᠦᠯᠬᠦᠮ ᠲᠠᠶᠢᠹᠤᠰᠧ ᠬᠤᠰᠢᠭᠤᠨ ᠳᠤ ᠢᠷᠡᠵᠦ᠂ ᠲᠤᠭᠤᠷᠢᠨ ᠰᠤᠷᠤᠯᠴᠠᠵᠤ ᠲᠤᠷᠰᠢᠯᠭ᠎ᠠ | ᠰᠤᠯᠢᠯᠴᠠᠵᠠᠢ᠃ 2 ᠰᠠᠷ᠎ᠠ ᠶᠢᠨ 19 ᠤ ᠡᠳᠦᠷ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠶᠢᠹᠤᠰᠧ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠬᠤ ᠪᠠᠭ ᠤᠨ ᠪᠠᠷ᠎ᠠ | ᠪᠤᠯᠤᠯᠭ᠎ᠠ ᠲᠠᠢ ᠪᠠᠷ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠰᠠᠨ ᠵᠢᠶᠧ ᠲᠣᠰᠬᠤᠨ᠂ ᠳ᠋ᠠ ᠭᠧ ᠳ᠋ᠦᠩ | ᠲᠣᠰᠬᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠂ ᠲᠠᠩᠰᠠ ᠡᠪᠬᠡᠮᠡᠯ ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠬᠤᠪᠢ | ᠬᠤᠷᠠᠮᠳᠤᠭᠤᠯᠬᠤ ᠴᠢᠯᠦᠬᠡᠳᠦ ᠳᠡᠯᠭᠡᠭᠦᠷ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠶᠠᠷᠢᠯᠴᠠᠬᠤ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠂ ᠬᠠᠮᠢᠶᠠᠷᠤᠯᠲᠠ ᠶᠢᠨ | ᠵᠠᠭᠪᠤᠷ ᠵᠢᠴᠢ ︽ᠡᠷᠬᠢᠨ ᠬᠠᠷᠠᠬᠤ︾ ᠲᠤᠰᠬᠠᠢ ᠠᠵᠢᠯᠯᠠᠭ᠎ᠠ᠂ ᠤᠯᠤᠰ ᠤᠨ ᠬᠢᠨᠠᠨ ᠰᠢᠯᠭᠠᠯᠳᠠ ᠵᠡᠷᠭᠡ ᠠᠵᠢᠯ ᠤᠨ | ᠲᠤᠬᠠᠢ ᠭᠦᠨᠵᠡᠭᠡᠢ ᠰᠤᠯᠢᠯᠴᠠᠭᠰᠠᠨ ᠪᠦᠭᠡᠳ ᠬᠤᠶᠢᠰᠢᠳᠠ ᠶᠢᠨ ᠠᠵᠢᠯ ᠢ ᠬᠡᠷᠬᠢᠨ ᠰᠠᠶᠢᠲᠤᠷ ᠬᠢᠬᠦ᠂ ᠬᠥᠳᠡᠭᠡ | ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ | ᠶᠠᠷᠢᠯᠴᠠᠵᠠᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ᠂ ᠡᠨᠡ ᠤᠳᠠᠭᠠᠨ ᠤ ᠲᠤᠷᠰᠢᠯᠭ᠎ᠠ ᠰᠤᠯᠢᠯᠴᠠᠬᠤ | ᠠᠵᠢᠯᠯᠠᠭ᠎ᠠ ᠪᠠᠷ ᠲᠠᠮᠵᠢᠭᠠᠳ᠂ ᠲᠠᠶᠢᠹᠤᠰᠧ ᠬᠤᠰᠢᠭᠤᠨ ᠤ ᠠᠵᠤ ᠦᠢᠯᠡᠰ ᠤᠨ ᠰᠠᠭᠤᠷᠢ ᠵᠤᠵᠠᠭᠠᠨ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠦᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠠᠬᠢᠴᠠ ᠲᠦᠷᠭᠡᠨ᠂ ᠠᠷᠭ᠎ᠠ ᠬᠡᠮᠵᠢᠶ᠎ᠡ ᠨᠢ ᠪᠣᠳᠠᠲᠠᠢ ᠮᠦᠷᠳᠡᠭᠡᠨ ᠠᠮᠢᠳᠤᠯᠢᠭ᠂ ᠵᠢᠱᠢᠶ᠎ᠡ ᠦᠵᠡᠭᠦᠯᠬᠦ | ᠦᠢᠯᠡᠳᠦᠯ ᠨᠢ ᠴᠢᠩᠭ᠎ᠠ ᠬᠦᠴᠦᠲᠡᠢ ᠪᠠᠶᠢᠭ᠎ᠠ ᠶᠢ ᠤᠯᠵᠤ ᠬᠠᠷᠠᠯ᠎ᠠ᠂ ᠢᠯᠠᠩᠭᠤᠶ᠎ᠠ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ ᠠᠯᠤᠰ | ᠬᠡᠲᠦ ᠳᠤ ᠰᠠᠭᠤᠷᠢᠯᠠᠨ᠂ ᠨᠠᠷᠢᠨ ᠨᠢᠮᠪᠠᠢ ᠲᠥᠯᠥᠪᠯᠡᠵᠦ ᠬᠢᠭᠰᠡᠨ ᠨᠢ ᠦᠨᠡᠨᠬᠦ ᠰᠤᠷᠤᠯᠴᠠᠨ ᠲᠤᠯᠢᠳᠠᠭᠤᠰᠢᠳᠠᠢ ᠪᠠᠶᠢᠨ᠎ᠠ | ᠬᠡᠵᠦ ᠢᠯᠡᠷᠭᠡᠶᠢᠯᠡᠭᠰᠡᠨ ᠪᠠᠶᠢᠯ᠎ᠠ᠃ |