ᠲᠠᠶᠢᠹᠤᠰᠧ ᠬᠤᠰᠢᠭᠤᠨ ᠤ ᠨᠠᠮ ᠤᠨ ᠰᠤᠷᠭᠠᠭᠤᠯᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/2/22
 2 ᠰᠠᠷ᠎ᠠ ᠶᠢᠨ 20  ᠤ ᠡᠳᠦᠷ᠂  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠵᠦ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠪᠦᠬᠦ ᠨᠠᠮ ᠤᠨ ᠭᠡᠰᠢᠭᠦᠨ ᠺᠠᠳ᠋ᠷ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠲᠡᠭᠡᠷ᠎ᠡ᠂ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠷᠧᠨ ᠯᠢ ᠨᠠᠮ ᠤᠨ ᠬᠤᠷᠢᠳᠤᠭᠠᠷ ᠶᠡᠭᠡ ᠬᠤᠷᠠᠯ ᠤᠨ ᠠᠭᠤᠤ ᠶᠡᠭᠡ ᠠᠴᠢ ᠬᠤᠯᠪᠣᠭᠳᠠᠯ ᠪᠠ ᠬᠤᠷᠠᠯ ᠤᠨ ᠭᠤᠣᠯ ᠰᠡᠳᠦᠪ ᠵᠡᠷᠭᠡ ᠵᠢᠷᠭᠤᠭᠠᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠨᠠᠷᠢᠨ  ᠲᠠᠶᠢᠯᠪᠤᠷᠢᠯᠠᠭᠰᠠᠨ ᠪᠠᠶᠢᠨ᠎ᠠ᠃  ᠬᠢᠴᠢᠶᠡᠯ ᠲᠠᠶᠢᠯᠤᠮᠵᠢ ᠶᠢᠨ ᠭᠤᠣᠯ ᠰᠡᠳᠦᠪ ᠨᠢ  ᠲᠤᠳᠤᠷᠬᠠᠢ᠂ ᠠᠭᠤᠯᠭ᠎ᠠ ᠨᠢ ᠪᠠᠶᠠᠯᠢᠭ  ᠂ ᠬᠡᠯᠪᠡᠷᠢ ᠨᠢ ᠠᠮᠢᠳᠤᠯᠢᠭ ᠪᠠᠶᠢᠵᠤ᠂ ᠤᠨᠤᠯ ᠤᠨ ᠥᠨᠳᠥᠷᠴᠡ ᠲᠠᠢ ᠮᠥᠷᠲᠡᠭᠡᠨ  ᠪᠣᠳᠠᠲᠠᠢ ᠲᠠᠢ ᠨᠢᠭᠲᠠ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂  ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠳᠤ ᠬᠦᠴᠦᠲᠡᠢ ᠵᠢᠯᠣᠭᠤᠳᠤᠯᠭ᠎ᠠ ᠬᠠᠩᠭᠠᠵᠠᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠪᠣᠯᠪᠠᠰᠤᠷᠠᠯ ᠢᠶᠠᠷ ᠲᠠᠮᠵᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠷ ᠡᠯ᠎ᠡ ᠲᠦᠷᠦᠯ ᠤᠨ ᠠᠵᠢᠯ ᠡᠭᠦᠷᠭᠡ ᠳᠤ ᠤᠷᠤᠯᠴᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ  ᠤᠨ ᠰᠢᠨ᠎ᠡ ᠠᠮᠵᠢᠯᠲᠠ ᠶᠢ ᠣᠯᠵᠤ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号