ᠲᠠᠶᠢᠹᠤᠰᠧ ᠬᠤᠰᠢᠭᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/22
   2 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠡᠪᠡ᠃ ᠬᠤᠷᠠᠯ ᠠᠴᠠ  ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠪᠥᠬᠦ ᠤᠯᠤᠰ ᠤᠨ ︽ᠬᠤᠶᠠᠷ ᠬᠤᠷᠠᠯ︾ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠂  ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ  ᠬᠠᠮᠠᠭᠠᠯᠠᠬᠤ ᠠᠵᠢᠯ   ᠢ  ᠰᠠᠶᠢᠨ ᠬᠢᠬᠦ ᠪᠣᠯ ᠣᠳᠣᠬᠠᠨ ᠤ ᠡᠷᠬᠡᠪᠰᠢ ᠰᠠᠶᠢᠲᠤᠷ ᠪᠡᠶᠡᠯᠡᠭᠦᠯᠬᠦ  ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠪᠥᠬᠦ  ᠬᠤᠰᠢᠭᠤ ᠪᠠᠷ ᠢᠶᠠᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ  ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠨ᠂ ᠠᠰᠠᠭᠤᠳᠠᠯ ᠤᠨ ᠳᠠᠯᠳᠠ ᠭᠡᠮ ᠢ ᠬᠦᠨ ᠭᠦᠨᠵᠡᠭᠡᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂  ᠬᠠᠮᠵᠢᠯᠴᠠᠭ᠎ᠠ ᠪᠠᠨ ᠴᠢᠩᠭᠠᠳᠬᠠᠨ᠂  ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠨ᠂ ︽ᠳᠥᠷᠪᠡ ᠶᠢ ᠦᠯᠦ ᠡᠭᠦᠰᠬᠡᠬᠦ︾ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠤᠯᠤᠰ ᠤᠨ ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠳᠥᠷᠪᠡᠨ ᠶᠡᠭᠡ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ  ᠵᠢᠴᠢ  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号