ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠵᠢᠯ | ᠤᠯᠬᠤ ᠶᠢ ᠲᠤᠭᠳᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠨᠤᠲᠤᠭ ᠲᠠᠭᠠᠨ ᠪᠤᠴᠠᠭᠰᠠᠨ ᠬᠥᠯᠥᠰᠦᠨ ᠠᠵᠢᠯᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ | ᠬᠥᠳᠡᠯᠮᠦᠷᠢᠴᠢᠳ ᠤᠨ ᠠᠵᠢᠯ ᠣᠯᠵᠤ ᠦᠢᠯᠡᠰ ᠪᠦᠳᠦᠭᠡᠬᠦ ᠳᠤ ᠬᠠᠪᠰᠤᠷᠤᠯᠭ᠎ᠠ ᠲᠡᠮᠵᠢᠯᠭᠡ ᠦᠵᠡᠬᠦᠯᠬᠦ ᠶᠢᠨ | ᠲᠦᠯᠦᠭᠡ᠂ 2 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠳᠤᠯᠠᠭᠠᠨ ᠤ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠭᠠᠭᠠᠴᠢᠯᠠᠨ ᠡᠷᠬᠢᠯᠡᠭᠰᠡᠨ | ᠲᠠᠶᠢᠹᠤᠰᠧ ᠬᠤᠰᠢᠭᠤᠨ ᠤ 2023 ᠣᠨ ᠤ ︽ᠤᠷᠢᠬᠠᠨ ᠰᠠᠯᠬᠢ︾ ᠠᠵᠢᠯᠯᠠᠭ᠎ᠠ ᠵᠢᠴᠢ ᠠᠵᠢᠯ ᠣᠯᠭᠤᠯᠲᠠ ᠶᠢᠨ | ᠲᠤᠰᠠᠯᠠᠮᠵᠢ ᠶᠢᠨ ᠰᠠᠷ᠎ᠠ ᠶᠢᠨ ᠠᠵᠢᠯᠴᠢᠨ ᠡᠯᠰᠡᠬᠦ ᠴᠤᠭᠯᠠᠭᠠᠨ ᠰᠣᠶᠣᠯ ᠤᠨ ᠲᠣᠮᠣ ᠠᠰᠠᠷ ᠤᠨ ᠦᠳᠦᠨ | ᠪᠥᠮᠪᠦᠭᠡ ᠶᠢᠨ ᠣᠷᠳᠣᠨ ᠳᠤ ᠶᠠᠪᠤᠭᠳᠠᠪᠠ᠃ ᠠᠵᠢᠯᠴᠢᠨ ᠡᠯᠰᠡᠬᠦ ᠴᠤᠭᠯᠠᠭᠠᠨ ᠤ ᠠᠬᠤᠢ ᠲᠠᠯᠠᠪᠠᠶ ᠳᠤ ᠬᠥᠷ | ᠬᠥᠭᠵᠢᠶᠡᠨ ᠢᠶᠠᠷ ᠪᠢᠯᠬᠠᠵᠤ᠂ ᠠᠵᠢᠯ ᠡᠷᠢᠭᠰᠡᠳ ᠪᠠ ᠠᠵᠤ ᠠᠬᠤᠶᠢᠯᠠᠯ ᠤᠨ ᠬᠢᠨ ᠴᠠᠯᠢᠩ ᠬᠥᠯᠥᠰᠦ᠂ ᠮᠡᠷᠭᠡᠵᠢᠯ ᠤᠨ | ᠱᠠᠭᠠᠷᠳᠠᠯᠭ᠎ᠠ᠂ ᠠᠰᠠᠷᠠᠮᠵᠢ ᠬᠠᠷᠠᠭᠠᠯᠵᠠᠯ ᠵᠡᠷᠭᠡ ᠠᠵᠢᠯᠲᠠᠨ ᠡᠯᠰᠡᠬᠦ ᠨᠥᠬᠦᠴᠡᠯ ᠤᠨ ᠲᠠᠯ᠎ᠠ ᠪᠠᠷ ᠠᠰᠠᠭᠤᠨ | ᠰᠣᠯᠢᠯᠴᠠᠵᠤ᠂ ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠤᠨ ᠪᠠᠶᠢᠷᠢ ᠡᠷᠢᠵᠦ᠂ ᠮᠡᠳᠡᠭᠡ ᠵᠠᠩᠬᠢ ᠪᠠᠨ | ᠲᠠᠩᠰᠠᠯᠠᠭᠤᠯᠵᠤ ᠪᠠᠶᠢᠯ᠎ᠠ᠃ | ᠠᠵᠢᠯ ᠡᠷᠢᠭᠴᠢ ᠨᠢᠶᠧ ᠷᠦᠢ ᠫᠧᠩ᠄ ︽ ᠰᠢᠯᠢᠳᠡᠭ ᠠᠵᠤ ᠠᠬᠤᠶᠢᠯᠠᠯ ᠵᠦᠩᠳᠡᠭᠡᠨ ᠪᠤᠢ᠂ ᠰᠢᠯᠢᠳᠡᠭ | ᠠᠵᠢᠯ ᠤᠨ ᠪᠠᠶᠢᠷᠢ ᠴᠤ ᠮᠠᠰᠢ ᠤᠯᠠᠨ ᠪᠠᠶᠢᠭ᠎ᠠ᠃ ᠮᠢᠨᠦ ᠬᠤᠪᠢ ᠳᠤ ᠴᠠᠬᠢᠯᠭᠠᠨ ᠬᠡᠷᠡᠭᠰᠡᠯ ᠤᠨ ᠠᠵᠢᠯ ᠲᠦᠷᠦᠯ | ᠪᠤᠶᠤ ᠺᠣᠮᠫᠢᠦ᠋ᠲ᠋ᠧᠷ ᠤᠨ ᠠᠵᠢᠯ ᠲᠦᠷᠦᠯ ᠂ ᠡᠰᠡᠬᠦᠯ᠎ᠡ ᠬᠠᠮᠢᠶᠠᠷᠤᠯᠲᠠ ᠶᠢᠨ ᠠᠵᠢᠯ ᠲᠦᠷᠦᠯ ᠤᠯᠵᠤ ᠬᠢᠬᠦ ᠶᠢ | ᠬᠦᠰᠡᠨ᠎ᠡ᠃ ᠴᠠᠯᠢᠩ ᠣᠯᠭᠤᠮᠵᠢ ᠶᠢᠨ ᠲᠠᠯᠠᠪᠠᠷ ᠬᠠᠮᠤᠭ ᠰᠠᠶᠢᠨ ᠨᠢ ᠲᠠᠪᠤᠨ ᠳᠠᠭᠠᠳᠬᠠᠯ ᠨᠢᠭᠡ ᠮᠥᠩᠭᠦ ᠶᠢ | ᠲᠤᠰᠢᠶᠠᠭᠠᠳ᠂ 3500 ᠲᠥᠭᠦᠷᠢᠭ ᠠᠴᠠ 5000 ᠲᠥᠭᠦᠷᠢᠭ ᠣᠷᠴᠢᠮ ᠪᠤᠯ ᠪᠤᠯᠴᠢᠬᠠᠨ᠎ᠠ︾᠃ | ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠤᠸᠠᠨ ᠰᠢᠶᠣᠣ | ᠴᠢᠶᠠᠩ᠄ ︽ᠮᠠᠨ ᠤ ᠺᠣᠮᠫᠠᠨᠢ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 5 ᠠᠵᠢᠯ ᠤᠨ | ᠪᠠᠶᠢᠷᠢ ᠬᠠᠩᠭᠠᠭᠰᠠᠨ᠃ ᠮᠠᠨ ᠤ ᠣᠳᠣᠬᠠᠨ ᠤ ᠤᠯᠭᠤᠵᠤ ᠪᠠᠶᠢᠭ᠎ᠠ ᠴᠠᠯᠢᠩ ᠬᠥᠯᠥᠰᠦ ᠳᠤᠮᠳᠠᠴᠢ ᠪᠠᠷ | 5000-6000 ᠲᠥᠭᠦᠷᠢᠭ ᠣᠷᠴᠢᠮ᠂ ᠪᠠᠰᠠ ᠲᠦᠷᠦᠭᠰᠡᠨ ᠡᠳᠦᠷ ᠤᠨ ᠪᠡᠯᠡᠭ᠂ ᠪᠠᠶᠠᠷ ᠳᠤᠷᠠᠰᠬᠠᠯ ᠤᠨ | ᠡᠳᠦᠷ ᠤᠨ ᠠᠰᠠᠷᠠᠮᠵᠢ᠂ ᠲᠡᠷᠭᠡ ᠤᠨᠤᠭᠠᠨ ᠤ ᠨᠦᠬᠦᠪᠦᠷᠢ ᠵᠢᠴᠢ ᠪᠤᠰᠤᠳ ᠣᠨᠴᠠᠭᠠᠶ ᠠᠵᠢᠯ ᠤᠨ ᠪᠠᠶᠢᠷᠢ ᠶᠢᠨ | ᠨᠥᠬᠦᠪᠦᠷᠢ ᠤᠳ ᠪᠦᠷ ᠪᠠᠶᠢᠭ᠎ᠠ ︾᠃ | ᠣᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠳᠤ ᠬᠤᠩ ᠵᠢᠩ ᠶᠤᠸᠠᠨ | ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ᠂ ᠬᠠᠭᠠᠨ ᠤ ᠠᠳᠤᠭᠤᠨ ᠵᠤᠰᠠᠭᠠᠯ ᠰᠣᠶᠣᠯ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠵᠡᠷᠭᠡ ᠲᠤᠬᠠᠢ ᠶᠢᠨ ᠭᠠᠵᠠᠷ ᠤᠨ 23 ᠠᠵᠤ ᠠᠬᠤᠶᠢᠯᠠᠯ ᠨᠢ ᠨᠡᠶᠢᠳᠡ 488 ᠠᠵᠢᠯ ᠤᠨ ᠪᠠᠶᠢᠷᠢ ᠬᠠᠩᠭᠠᠭᠰᠠᠨ ᠢᠶᠠᠷ | ᠪᠠᠷᠠᠬᠤ ᠦᠬᠡᠢ᠂ ᠪᠡᠭᠡᠵᠢᠩ᠂ ᠴᠢᠭᠤᠯᠤᠯᠲᠤ ᠬᠠᠭᠠᠯᠭ᠎ᠠ ᠵᠡᠷᠭᠡ ᠭᠠᠵᠠᠷ ᠣᠷᠣᠨ ᠤ 59 ᠠᠵᠤ ᠠᠬᠤᠶᠢᠯᠠᠯ ᠪᠠᠰᠠ | ᠠᠵᠢᠯᠯᠠᠭ᠎ᠠ ᠳᠤ ᠤᠷᠤᠯᠴᠠᠭᠠᠳ᠂ 926 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠠᠵᠢᠯᠲᠠᠨ ᠡᠯᠰᠡᠬᠦ | ᠴᠤᠭᠯᠠᠭᠠᠨ ᠤ ᠠᠬᠤᠢ ᠲᠠᠯᠠᠪᠠᠢ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠠᠵᠢᠯ ᠣᠯᠵᠤ | ᠦᠢᠯᠡᠰ ᠪᠦᠳᠦᠬᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ 3000 ᠭᠠᠷᠤᠢ ᠬᠤᠪᠢ ᠲᠠᠷᠬᠠᠭᠠᠨ | ᠂ ᠠᠵᠢᠯ ᠡᠷᠢᠭᠰᠡᠳ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠵᠡᠷᠭᠡ | ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠡ ᠶᠢᠨ ᠣᠯᠠᠨ ᠶᠠᠩᠵᠤ ᠶᠢᠨ᠂ ᠣᠯᠠᠨ | ᠲᠠᠰ ᠳᠠᠪᠬᠤᠷᠭ᠎ᠠ ᠶᠢᠨ ᠬᠡᠷᠡᠭᠴᠡᠭᠡ ᠶᠢ ᠬᠠᠩᠭᠠᠵᠠᠢ᠃ ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠨᠢ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠣᠯᠣᠨ ᠠᠵᠢᠯ ᠣᠯᠣᠭᠰᠠᠳ ᠤᠨ ᠠᠵᠢᠯ ᠡᠷᠢᠬᠦ ᠬᠡᠷᠡᠭᠴᠡᠭᠡ ᠲᠠᠢ | ᠤᠶᠠᠯᠳᠤᠭᠤᠯᠵᠤ᠂ ᠠᠵᠤ ᠠᠬᠤᠶᠢᠯᠠᠯ ᠪᠣᠯᠣᠨ ᠠᠵᠢᠯ ᠡᠷᠢᠭᠰᠡᠳ ᠤᠨ ᠬᠤᠭᠤᠷᠣᠨᠳᠣᠬᠢ ᠮᠡᠳᠡᠭᠡ ᠵᠠᠩᠭᠢ ᠶᠢᠨ | ᠬᠥᠭᠦᠷᠭᠡ ᠶᠢ ᠪᠠᠶᠢᠭᠤᠯᠤᠨ᠂ ᠠᠵᠢᠯ ᠣᠯᠭᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠵᠦ᠂ ᠠᠵᠢᠯᠲᠠᠨ ᠡᠯᠰᠡᠬᠦ | ᠬᠡᠯᠪᠡᠷᠢ ᠶᠢ ᠪᠠᠶᠠᠯᠢᠬᠵᠢᠭᠤᠯᠤᠨ᠂ ᠠᠵᠤ ᠦᠢᠯᠡᠰ ᠤᠨ ᠬᠡᠯᠬᠢᠶ᠎ᠡ ᠪᠣᠯᠣᠨ ᠴᠢᠳᠠᠪᠤᠷᠢᠲᠠᠨ ᠤ ᠬᠡᠯᠬᠢᠶ᠎ᠡ ᠶᠢᠨ | ᠠᠭᠤᠰᠤᠯᠴᠠᠬᠤ ᠠᠷᠭ᠎ᠠ ᠵᠠᠮ ᠢ ᠨᠠᠪᠲᠠᠷᠡᠭᠦᠯᠵᠦ᠂ ᠪᠥᠬᠦ ᠬᠤᠰᠢᠭᠤᠨ ᠤ ᠣᠯᠠᠨ ᠲᠦᠮᠡᠨ ᠳᠤ ᠨᠠᠩ ᠰᠢᠯᠢᠳᠡᠭ | ᠠᠵᠢᠯ ᠤᠨ ᠪᠠᠶᠢᠷᠢ ᠶᠢ ᠬᠠᠩᠭᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠪᠠᠷ ᠪᠠᠶᠢᠨ᠎ᠠ᠃ |