ᠲᠠᠶᠢᠹᠤᠰᠧ ᠬᠤᠰᠢᠭᠤᠨ ᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠠᠮᠵᠢᠯᠳᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2023/2/23
   2022 ᠤᠨ ᠳᠤ ᠲᠠᠶᠢᠹᠤᠰᠧ ᠬᠤᠰᠢᠭᠤ ︽ᠳᠥᠷᠪᠡ ᠶᠢ ᠥᠯᠥ ᠲᠠᠶᠠᠭᠳᠠᠬᠤ︾ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠬᠢᠨᠠᠨ ᠰᠢᠯᠭᠠᠬᠤ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠨ᠂ ︽ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ︾ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠪᠥᠬᠦ ᠵᠢᠯ ᠳᠤ 100 ᠡᠷᠦᠬᠡ 190 ᠬᠦᠮᠦᠨ   ᠤ ᠶᠠᠳᠠᠭᠤᠷᠠᠯ ᠤᠨ ᠲᠦᠭᠰᠢᠭᠦᠷᠢ  ᠶᠢ ᠠᠷᠢᠯᠭᠠᠨ᠂ 123 ᠡᠷᠦᠬᠡ 232 ᠬᠥᠮᠥᠨ ᠢ ᠬᠢᠨᠠᠨ ᠰᠢᠯᠭᠠᠬᠤ ᠨᠢᠭᠤᠷᠯᠠᠯ ᠳᠤ ᠰᠢᠨ᠎ᠡ ᠪᠠᠷ ᠢᠯᠭᠠᠨ ᠣᠷᠣᠭᠤᠯᠪᠠ᠃  ᠲᠤᠰ ᠬᠤᠰᠢᠭᠤ ᠨᠢ ︽ᠨᠢᠭᠡ ᠡᠷᠦᠬᠡ ᠳᠤ ᠨᠢᠭᠡ ᠪᠣᠳᠣᠯᠭ᠎ᠠ ᠭᠡᠷᠡᠭᠵᠢᠬᠦᠯᠬᠦ︾  ᠶᠢ ᠨᠠᠶᠢᠳᠠᠪᠤᠷᠢᠵᠢᠭᠤᠯᠵᠤ᠂  1051 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠲᠠᠷᠬᠠᠭᠠᠨ᠂ 40785 ᠬᠥᠮᠥᠨ ᠤᠳᠠᠭ᠎ᠠ ᠳᠤ ᠬᠦᠨᠳᠦ ᠡᠪᠡᠳᠴᠢᠨ ᠤ ᠡᠮᠨᠡᠯᠭᠡ ᠶᠢᠨ ᠲᠤᠰᠠᠯᠠᠮᠵᠢ  ᠬᠦᠷᠳᠡᠭᠡᠭᠰᠡᠨ ᠪᠦᠭᠡᠳ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠨᠴᠠᠯᠢᠭᠲᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠵᠡᠷᠭᠡ 77 ᠭᠤᠣᠯᠳᠠᠯᠭ᠎ᠠ ᠲᠠᠢ ᠲᠥᠷᠥᠯ ᠵᠦᠢᠯ ᠢ ᠭᠡᠷᠡᠭᠵᠢᠬᠦᠯᠵᠡᠢ᠃  ᠮᠠᠯᠵᠢᠬᠤ ᠲᠠᠷᠢᠶᠠᠯᠠᠬᠤ ᠣᠷᠣᠨ ᠤ 68 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠵᠤ᠂ ᠲᠦᠭᠡᠭᠡᠯ ᠤᠰᠤᠨ ᠤ ᠦᠬᠡᠷᠡᠴᠢᠯᠡᠨ ᠰᠠᠶᠢᠵᠢᠷᠠᠭᠤᠯᠬᠤ  ᠢᠨᠵᠧᠨᠧᠷᠢᠩ 6᠂ ᠤᠰᠤ ᠲᠥᠪᠯᠡᠷᠡᠭᠦᠯᠦᠨ ᠬᠠᠩᠭᠠᠬᠤ ᠢᠨᠵᠧᠨᠧᠷᠢᠩ 40   ᠶᠢ ᠭᠡᠷᠡᠭᠵᠢᠬᠦᠯᠦᠭᠰᠡᠨ ᠪᠦᠭᠡᠳ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠰᠠᠭᠤᠷᠢᠨ ᠭᠠᠵᠠᠷ 3 ᠶᠢ ᠰᠢᠨ᠎ᠡ ᠪᠠᠷ ᠪᠠᠶᠢᠭᠤᠯᠤᠨ᠂  ᠵᠠᠮ ᠤᠨ ᠳ᠋ᠧᠩ 748 ᠶᠢ ᠤᠭᠰᠠᠷᠠᠵᠤ  ᠂ 30.3 ᠺᠢᠯᠣᠮᠧᠲᠷ ᠵᠠᠮ ᠢ ᠬᠠᠲᠠᠭᠤᠷᠠᠭᠤᠯᠤᠨ᠂ 1170 ᠡᠷᠦᠬᠡ ᠶᠢᠨ ᠠᠰᠠᠭᠤᠳᠠᠯ ᠲᠠᠢ ᠵᠣᠷᠯᠣᠩ ᠢ ᠦᠬᠡᠷᠡᠴᠢᠯᠡᠵᠦ᠂ 1148 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂   ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠭᠰᠠᠨ ᠪᠠᠶᠢᠨ᠎ᠠ᠃  ᠮᠦᠨ ᠵᠢᠯ ᠳᠤ᠂ ︽ᠣᠯᠠᠨ ᠲᠥᠯᠦᠪᠵᠢᠭᠦᠯᠭᠡ ᠶᠢ ᠨᠢᠭᠡᠳᠬᠡᠭᠰᠡᠨ︾  ᠠᠶᠢᠯ ᠲᠣᠰᠬᠤᠨ ᠤ ᠲᠥᠯᠦᠪᠵᠢᠭᠦᠯᠭᠡ 86 ᠶᠢ ᠨᠠᠶᠢᠷᠠᠭᠤᠯᠤᠨ ᠵᠣᠬᠢᠶᠠᠵᠤ᠂  ᠣᠷᠣᠨ ᠤ ᠲᠠᠰ ᠤᠨ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ 19᠂ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 10᠂ ᠠᠶᠢᠮᠠᠭ ᠤᠨ ᠲᠠᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠲᠣᠰᠬᠤᠨ 8᠂ ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5  ᠶᠢ ᠪᠣᠶ ᠪᠤᠯᠭᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号