ᠲᠠᠶᠢᠹᠤᠰᠧ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠬᠡᠯᠵᠢᠳᠦ ᠬᠤᠷᠠᠯ ᠬᠢᠪᠡ
ᠨᠡᠶᠢᠲᠡᠯᠡᠭᠰᠡᠨ ᠴᠠᠭ᠄
2023/2/23
    2 ᠰᠠᠷ᠎ᠠ ᠶᠢᠨ 22 ᠤᠨ ᠡᠳᠦᠷ᠂ ᠲᠠᠶᠢᠹᠤᠰᠧ ᠬᠤᠰᠢᠭᠤ 2023 ᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠬᠤᠶᠠᠳᠤᠭᠠᠷ ᠤᠳᠠᠭᠠᠨ ᠤ ᠡᠭᠡᠯᠵᠢᠲᠦ ᠬᠤᠷᠠᠯ ᠢ ᠬᠤᠷᠠᠯᠳᠤᠭᠤᠯᠵᠤ᠂ ᠳᠡᠭᠡᠳᠦ ᠱᠠᠲᠤᠨ ᠤ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠵᠢᠴᠢ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠳᠤ ᠲᠠᠬᠢᠨᠳᠠ ᠪᠠᠶᠢᠷᠢᠯᠠᠭᠤᠯᠤᠯᠲᠠ ᠬᠢᠪᠡ᠃  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠢ ᠡᠷᠭᠢᠯᠠᠪᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭ᠎ᠠ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠴᠢᠩᠭ᠎ᠠ ᠪᠤᠳᠠᠳᠠᠢ ᠨᠠᠷᠢᠯᠢᠭ ᠰᠠᠶᠢᠨ ᠬᠢᠬᠦ ᠬᠡᠷᠡᠭᠲᠡᠢ᠃  ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠢ ᠠᠳᠬᠤᠬᠤ ᠦᠵᠡᠯ ᠰᠠᠨᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂  ᠰᠤᠨᠤᠷ ᠰᠡᠷᠡᠮᠵᠢ ᠪᠠᠨ ᠲᠡᠭᠡᠭᠰᠢᠯᠡᠬᠦᠯᠦᠨ᠂  ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂  ᠲᠦᠭᠰᠢᠭᠦᠷᠢ ᠠᠴᠠ ᠰᠡᠷᠭᠡᠶᠢᠯᠡᠬᠦ ᠤᠬᠠᠮᠰᠠᠷ ᠢ ᠪᠠᠲᠤ ᠪᠤᠢ ᠪᠤᠯᠭᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃ ᠶᠢᠨ ᠶᠦᠩ ᠾᠧ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ  ᠲᠦᠷᠦᠯ ᠤᠨ ᠠᠵᠢᠯ ᠢ ᠰᠠᠶᠢᠲᠤᠷ ᠠᠳᠬᠤᠬᠤ᠂ ᠠᠵᠢᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃ ᠬᠤᠷᠠᠯ ᠲᠡᠭᠡᠷ᠎ᠡ 2022 ᠣᠨ ᠤ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠥᠷᠨᠢᠭᠦᠯᠦᠭᠰᠡᠨ ᠪᠠᠶᠢᠳᠠᠯ   ᠢ  ᠮᠡᠳᠡᠭᠳᠡᠵᠦ᠂ ᠶᠡᠷᠦᠩᠬᠡᠢ ᠰᠠᠶᠢᠳ ᠯᠢ ᠺᠧ ᠴᠢᠶᠠᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠣᠬᠤᠯᠠᠪᠤᠷᠢ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ  ᠤᠳᠠᠰᠤᠳᠤ ᠬᠤᠷᠠᠯ ᠤᠨ ᠬᠠᠮᠢᠶ᠎ᠠ ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠵᠢᠯ ᠤᠨ ᠡᠴᠦᠰ ᠤᠨ ᠤ ᠡᠬᠢᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠭᠡᠮ ᠰᠣᠭᠤᠭ ᠤᠨ ᠲᠤᠰᠬᠠᠢ  ᠴᠡᠭᠴᠡᠯᠡᠯᠳᠡ ᠶᠢᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ ︾  ᠢ ᠤᠯᠠᠮᠵᠢᠯᠠᠭᠰᠠᠨ ᠪᠠᠶᠢᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ  ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号