ᠯᠦᠸᠧ ᠲᠦᠸᠧ ᠱᠠᠨ ᠪᠠᠯᠭᠠᠰᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/23
    2 ᠰᠠᠷ᠎ᠠ ᠶᠢᠨ 21 ᠤ ᠡᠳᠦᠷ᠂  ᠯᠦᠸᠧ ᠲᠦᠸᠧ ᠱᠠᠨ ᠪᠠᠯᠭᠠᠰᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠣᠳᠣᠬᠠᠨ ᠤ ᠪᠥᠬᠦ ᠪᠠᠯᠭᠠᠰᠤᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠰᠢᠨ ᠷᠦᠨ ᠵᠢᠶᠠᠩ ᠬᠤᠷᠠᠯ ᠢ ᠡᠷᠭᠢᠯᠡᠵᠦ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ᠂ ᠬᠠᠤᠯᠢ ᠴᠠᠭᠠᠵᠠ   ᠶᠢᠨ ᠰᠠᠯᠪᠤᠷᠢ᠂ ᠲᠣᠮᠢᠯᠠᠭᠰᠠᠨ ᠰᠠᠯᠪᠤᠷᠢ   ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃  ᠰᠢᠨ ᠷᠦᠨ ᠵᠢᠶᠠᠩ ᠪᠥᠬᠦ ᠬᠤᠰᠢᠭᠤᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠪᠥᠬᠦ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ  ᠮᠡᠳᠡᠭᠳᠡᠭᠰᠡᠨ ᠤ ᠬᠠᠮᠳᠤ᠂ ᠪᠥᠬᠦ  ᠪᠠᠯᠭᠠᠰᠤ ᠪᠠᠷ ᠢᠶᠠᠨ ᠴᠤᠭ ᠰᠦᠯᠳᠡ ᠪᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ᠂  ︽ᠬᠤᠶᠠᠷ ᠬᠤᠷᠠᠯ︾ ᠤᠨ ᠤᠷᠤᠭᠰᠢᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ ᠬᠡᠵᠦ ᠴᠢᠬᠤᠯᠠᠴᠢᠯᠠᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠦ᠋ ᠲᠤᠤ ᠠᠮᠤᠷ ᠲᠣᠭᠲᠠᠭᠤᠨ ᠢ ᠬᠠᠮᠠᠭᠠᠯᠠᠬᠤ᠂ ᠵᠥᠷᠢᠴᠡᠯ  ᠵᠢᠭᠤᠷᠠᠭᠠᠨ ᠢ ᠪᠠᠶᠢᠴᠠᠭᠠᠨ ᠠᠷᠢᠯᠭᠠᠬᠤ  ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃  ᠬᠤᠷᠠᠯ   ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ︽ᠳᠡᠭᠡᠳᠦ︾ ᠪᠠᠶᠢᠬᠤ ᠬᠡᠷᠡᠭᠲᠡᠢ᠃ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠪᠦᠬᠦ ᠤᠯᠤᠰ ᠤᠨ ︽ᠬᠤᠶᠠᠷ ᠬᠤᠷᠠᠯ︾  ᠤᠨ ᠬᠤᠷᠠᠯᠳᠤᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠪᠣᠯ ᠤᠯᠤᠰ ᠲᠦᠷᠦ ᠶᠢᠨ ᠡᠭᠦᠷᠭᠡ᠂ ᠨᠡᠩ ᠴᠤ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠂  ᠡᠷᠭᠡᠪᠰᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠥᠨᠳᠥᠷᠴᠡ ᠳᠤ ᠵᠣᠭᠰᠣᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠤᠶᠠᠷ ᠲᠤ᠂  ᠠᠵᠢᠯᠯᠠᠭᠠᠨ ᠤ ᠴᠢᠭᠯᠡᠯ ᠤᠨ ᠲᠠᠯ᠎ᠠ ᠪᠠᠷ ︽ᠣᠨᠣᠪᠴᠢᠲᠠᠶ︾ ᠪᠠᠶᠢᠬᠤ ᠬᠡᠷᠡᠭᠲᠡᠢ᠃ ᠵᠥᠷᠢᠴᠡᠯ ᠤᠨ ᠲᠦᠭᠰᠢᠭᠦᠷᠢ ᠶᠢ ᠣᠨᠣᠪᠴᠢᠲᠠᠢ ᠡᠵᠡᠮᠳᠡᠨ᠂ ᠭᠡᠮ ᠰᠤᠭᠤᠭ ᠢ ᠭᠦᠨᠵᠡᠭᠡᠢ ᠪᠠᠶᠢᠴᠠᠭᠠᠵᠤ᠂ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠬᠤ ᠂ ᠭᠡᠷᠰᠡᠦ ᠠᠴᠠ ᠬᠡᠮ ᠭᠠᠷᠬᠤ ᠦᠬᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠷᠭ᠎ᠠ  ᠠᠪᠴᠢᠯ ᠤᠨ ᠲᠠᠯ᠎ᠠ ᠪᠠᠷ ︽ᠰᠢᠯᠢᠳᠡᠭ︾ ᠪᠠᠶᠢᠬᠤ ᠬᠡᠷᠡᠭᠲᠡᠢ᠃ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨᠬᠦ ᠨᠠᠷᠢᠯᠢᠭ ᠮᠦᠷᠳᠡᠭᠡᠨ ᠪᠣᠳᠠᠲᠠᠢ ᠠᠳᠬᠤᠵᠤ᠂ ︽ᠲᠣᠣᠷᠵᠢᠭᠤᠯᠤᠭᠰᠠᠨ︾ ᠬᠠᠮᠢᠶᠠᠷᠤᠯᠲᠠ ᠶᠢᠨ ᠲᠣᠭᠲᠠᠴᠠ ᠶᠢ ᠭᠦᠢᠴᠡᠳ ᠪᠠᠳᠠᠷᠠᠭᠤᠯᠤᠨ᠂ ᠰᠢᠢᠳᠪᠦᠷᠢᠯᠡᠬᠦ ᠠᠷᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠲᠣᠭᠲᠠᠭᠤᠨ ᠢ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠳᠥᠷᠪᠡ ᠳᠤ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠬᠤ ᠲᠠᠯ᠎ᠠ ᠪᠠᠷ ︽ᠪᠣᠳᠠᠲᠠᠢ︾ ᠪᠠᠶᠢᠬᠤ ᠬᠡᠷᠡᠭᠲᠡᠢ ᠃ ᠡᠯ᠎ᠡ ᠲᠣᠰᠬᠤᠨ ᠤ ᠬᠢᠨ ᠠᠮᠤᠷ  ᠲᠣᠭᠲᠠᠭᠤᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂  ᠨᠠᠮ ᠤᠨ ᠡᠭᠦᠷ ᠤᠨ ᠱᠦᠵᠢ ᠨᠠᠷ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠠᠴᠠ ᠪᠠᠰᠠ  ᠂ ᠪᠦᠬᠦ ᠪᠠᠯᠭᠠᠰᠤ ᠪᠠᠷ ᠢᠶᠠᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨᠬᠦ  ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠢ  ᠶᠢ ᠪᠠᠲᠤᠳᠬᠠᠵᠤ᠂ ᠠᠯᠢᠪᠠ ᠠᠵᠢᠯ ᠢ ᠪᠦᠬᠦ ᠬᠦᠴᠦᠨ ᠢᠶᠠᠷ ᠯᠠᠪᠳᠠᠭᠤᠨ ᠪᠠᠲᠤᠲᠠᠢ ᠦᠷ᠎ᠡ ᠪᠦᠲᠦᠮᠵᠢᠲᠡᠢ ᠥᠷᠨᠢᠭᠦᠯᠵᠦ᠂ ᠠᠵᠢᠯ ᠤᠨ ᠠᠷᠭ᠎ᠠ ᠪᠠᠷᠢᠯ ᠢᠶᠠᠨ ᠤᠯᠠᠮ ᠡᠷᠴᠢᠮᠵᠢᠬᠦᠯᠦᠨ᠂ ᠠᠵᠢᠯ ᠤᠨ ᠲᠣᠭᠲᠠᠴᠠ ᠪᠠᠨ ᠴᠢᠨᠠᠭᠰᠢᠳᠠ ᠪᠦᠷᠢᠨᠰᠢᠭᠦᠯᠵᠦ᠂ ᠡᠯ᠎ᠡ  ᠲᠦᠷᠦᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ᠂  ᠰᠢᠯᠢᠳᠡᠭ ᠠᠮᠵᠢᠯᠲᠠ ᠪᠠᠷ ᠢᠶᠠᠨ ᠪᠦᠬᠦ ᠤᠯᠤᠰ ᠤᠨ ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号