ᠪᠤᠤᠴᠠᠩ ᠪᠠᠯᠭᠠᠰᠤ ᠬᠤᠷᠠᠯ ᠬᠢᠵᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2023/2/23
    2 ᠰᠠᠷ᠎ᠠ ᠶᠢᠨ 17 ᠤ ᠡᠳᠦᠷ᠂  ᠪᠤᠤᠴᠠᠩ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠨᠠᠮ ᠤᠨ ᠬᠤᠷᠢᠶᠠᠨ ᠤ ᠱᠦᠵᠢ ᠸᠠᠩ ᠰᠢ ᠪᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠷᠢᠯᠠᠭᠤᠯᠤᠯᠲᠠ ᠬᠢᠬᠦ ᠳᠡᠭᠡᠨ᠂ ᠡᠯ᠎ᠡ ᠲᠣᠰᠬᠤᠨ᠂  ᠡᠯ᠎ᠡ ᠨᠡᠶᠢᠭᠡᠮ ᠲᠣᠭᠤᠷᠢᠭ ᠤᠨ ᠱᠦᠵᠢ ᠨᠢ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠨ᠂ ᠨᠠᠮ ᠤᠨ ᠪᠠᠶᠢᠭᠤᠯᠤᠯᠲᠠ ᠶᠢᠨ ᠠᠵᠢᠯ ᠢ ᠮᠥᠷᠥᠨ   ᠳᠡᠭᠡᠨ ᠡᠭᠦᠷᠭᠡᠯᠡᠵᠦ᠂ ᠰᠡᠳᠬᠢᠯ ᠳᠡᠭᠡᠨ ᠪᠤᠳᠤᠵᠤ᠂  ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯ ᠤᠨ ᠲᠦᠰᠦᠪ ᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠡᠬᠦᠷᠭᠡ ᠶᠢ ᠨᠠᠷᠢᠯᠢᠭ ᠬᠤᠪᠢᠶᠠᠷᠢᠯᠠᠨ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠬᠤᠶᠠᠷ ᠲᠤ ᠡᠯ᠎ᠡ ᠲᠣᠰᠬᠤᠨ ᠤ ᠱᠦᠵᠢ ᠨᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠠᠢ ᠬᠠᠮᠵᠢᠯᠴᠠᠨ ᠠᠵᠢᠯ ᠢᠶᠠᠨ ᠨᠠᠷᠢᠨ ᠬᠢᠨᠠᠮᠠᠭᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠬᠦ ᠪᠡ ᠥᠷᠭᠡᠳᠬᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠳᠡᠭᠡᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂  ᠬᠠᠮᠲᠤ ᠶᠢᠨ ᠠᠵᠤ ᠠᠬᠤᠢ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ  ᠡᠯ᠎ᠡ ᠲᠣᠰᠬᠤᠨ᠂ ᠡᠯ᠎ᠡ ᠨᠡᠶᠢᠭᠡᠮ ᠲᠣᠭᠤᠷᠢᠭ ᠤᠨ ᠬᠢᠨ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠂ ᠣᠶᠢᠯᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠲᠣᠬᠢᠲᠠᠢ ᠰᠢᠢᠳᠪᠦᠷᠢᠯᠡᠨ᠂ ᠪᠥᠬᠦ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠱᠧᠩ ᠠᠷᠠᠳ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠵᠢᠴᠢ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠡᠯᠰᠡᠬᠦ ᠠᠵᠢᠯ ᠳᠤ ᠪᠣᠳᠠᠲᠠᠢ  ᠪᠠᠶᠢᠷᠢᠯᠠᠭᠤᠯᠤᠯᠲᠠ ᠬᠢᠵᠦ᠂  ᠨᠠᠮ ᠤᠨ ᠬᠤᠷᠢᠶᠠᠨ ᠤ ᠳᠡᠳ᠋ ᠱᠦᠵᠢ ᠸᠠᠩ ᠹᠦ᠋ ᠯᠠᠢ ︽ᠬᠤᠣᠰ ᠵᠠᠭᠤᠨ ᠡᠳᠦᠷ︾   ᠤᠨ ᠪᠤᠭᠤᠮᠳᠠ ᠰᠢᠪᠳᠤᠯᠬᠤ  ᠠᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠠᠬᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ  ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ  ᠵᠡᠷᠭᠡ ᠠᠵᠢᠯ ᠳᠤ ᠪᠣᠳᠠᠲᠠᠢ   ᠪᠠᠶᠢᠷᠢᠯᠠᠭᠤᠯᠤᠯᠲᠠ ᠬᠢᠵᠦ᠃ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ ᠠᠴᠠ  ᠠᠶᠤᠯᠭᠦᠢ ᠦᠢᠯᠡᠳᠪᠦᠷᠢᠯᠡᠯ  ᠂ ᠵᠠᠬᠢᠳᠠᠯ ᠰᠣᠷᠪᠤᠯᠵᠢᠯᠠᠭ᠎ᠠ᠂ ︽ᠭᠤᠷᠪᠠᠨ ᠶᠠᠪᠤᠳᠠᠯ︾  ᠢ ᠢᠯᠡ ᠪᠣᠯᠭᠠᠬᠤ᠂ ᠲᠣᠰᠬᠤᠨ ᠤ ᠳᠦᠷᠢᠮ ᠠᠷᠠᠳ ᠤᠨ ᠭᠡᠷ᠎ᠡ ᠵᠡᠷᠭᠡ ᠠᠵᠢᠯ ᠳᠤ ᠪᠣᠳᠠᠲᠠᠢ  ᠪᠠᠶᠢᠷᠢᠯᠠᠭᠤᠯᠤᠯᠲᠠ ᠬᠢᠵᠦ᠂ ᠵᠣᠬᠢᠶᠠᠨ ᠪᠠᠶᠢᠭᠤᠯᠬᠤ ᠭᠡᠰᠢᠭᠦᠨ ᠯᠢ ᠳ᠋ᠧ ᠱᠧᠩ ᠠᠴᠠ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠵᠢᠯ ᠤᠨ ᠱᠠᠭᠠᠷᠳᠠᠯᠭ᠎ᠠ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠠᠮᠢᠶ᠎ᠠ ᠪᠦᠬᠦᠢ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂  ᠤᠬᠠᠭᠤᠯᠬᠤ ᠭᠡᠰᠢᠭᠦᠨ ᠯᠢᠦ ᠬᠤᠸᠠᠨ ᠴᠢᠩ ᠠᠴᠠ  ᠬᠤᠪᠢ ᠬᠤᠷᠠᠮᠳᠤᠭᠤᠯᠬᠤ ᠴᠢᠯᠦᠬᠡᠳᠦ ᠳᠡᠯᠭᠡᠭᠦᠷ ᠤᠨ ᠡᠵᠡᠩᠨᠡᠯᠳᠡ  ᠂ ︽ᠲᠣᠰᠬᠤᠨ ᠤ ᠯᠠᠪᠠᠷ︾ ᠤᠨ ᠬᠡᠷᠡᠭᠯᠡᠯᠲᠡ᠂ ᠤᠬᠠᠭᠤᠯᠭ᠎ᠠ ᠶᠢᠨ ᠡᠯᠬᠦᠭᠡᠰᠦ ᠪᠢᠴᠢᠭᠡᠰᠦ ᠶᠢᠨ ᠪᠠᠶᠢᠴᠠᠭᠠᠯᠳᠠ ᠵᠡᠷᠭᠡ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃  ᠸᠠᠩ ᠵᠢᠶᠦ᠋ᠨ ᠱᠧᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ   ᠶᠢᠨ ᠱᠦᠵᠢ᠂ ᠠᠷᠠᠳ ᠤᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠵᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号