2 ᠰᠠᠷ᠎ᠠ ᠶᠢᠨ 23 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ | ᡁᠢ ᠴᠢᠶᠠᠩ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠨ ᠪᠠᠷ᠎ᠠ ᠪᠤᠯᠤᠯᠭ᠎ᠠ ᠲᠠᠢ ᠪᠠᠷ | ᠲᠠᠶᠢᠹᠤᠰᠧ ᠬᠤᠰᠢᠭᠤᠨ ᠤ ᠬᠡᠰᠡᠭ ᠠᠵᠤ ᠠᠬᠤᠶᠢᠯᠠᠯ ᠳᠤ ᠬᠦᠨᠵᠡᠬᠡᠶᠢᠷᠡᠵᠦ᠂ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠤᠨ ᠰᠡᠷᠬᠦᠭᠡᠯᠳᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠹᠧᠩ ᠲᠠᠢ ᠠᠭᠤᠷᠬᠠᠢ ᠶᠢᠨ ᠦᠢᠯᠡᠰ ᠤᠨ | ᠺᠤᠮᠫᠠᠨᠢ ᠳᠤ ᠬᠦᠷᠦᠭᠡᠳ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠠᠶᠤᠯᠭᠦᠢ ᠦᠢᠯᠡᠳᠪᠦᠷᠢᠯᠡᠯ | ᠤᠨ ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠤ ᠬᠠᠮᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠨ᠂ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ | ᠦᠢᠯᠡᠳᠪᠦᠷᠢᠯᠡᠯ ᠪᠤᠯᠤᠨ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠠᠵᠤ ᠠᠬᠤᠶᠢᠯᠠᠯ ᠢ | ᠱᠠᠭᠠᠷᠳᠠᠭᠰᠠᠨ ᠪᠠᠶᠢᠨ᠎ᠠ᠃ ᠦᠨᠳᠦᠰᠦᠲᠡᠨ ᠤ ᠢᠳᠡᠭᠡᠨ ᠤ ᠦᠢᠯᠡᠳᠪᠦᠷᠢ ᠳᠤ ᠬᠦᠷᠦᠭᠡᠳ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠠᠵᠤ ᠠᠬᠤᠶᠢᠯᠠᠯ ᠢ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠰᠢᠭᠲᠠᠢ ᠴᠠᠭ | ᠲᠣᠬᠢᠶᠠᠯ ᠢ ᠠᠮᠵᠢᠵᠤ᠂ ᠦᠢᠯᠡᠳᠪᠦᠷᠢᠯᠡᠯ ᠢᠶᠠᠨ ᠲᠦᠷᠭᠡᠳᠬᠡᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠢ ᠰᠠᠶᠢᠲᠤᠷ | ᠠᠳᠬᠤᠵᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠨᠡᠷᠡᠳᠦ | ᠲᠡᠮᠳᠡᠭ ᠤᠨ ᠠᠯᠳᠠᠷᠰᠢᠯ ᠢ ᠨᠡᠮᠡᠭᠳᠡᠬᠦᠯᠵᠦ᠂ ᠤᠯᠠᠮ ᠴᠢᠨᠠᠭᠰᠢᠳᠠ ᠪᠤᠵᠠᠭᠠᠶᠢᠷᠠᠨ ᠬᠦᠴᠦᠷᠬᠡᠭᠵᠢᠬᠦ ᠶᠢ | ᠵᠣᠷᠢᠭᠵᠢᠭᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠂ ᠠᠵᠤ ᠠᠬᠤᠶᠢᠯᠠᠯ ᠤᠳ ᠨᠢ ᠡᠷᠭᠡᠪᠰᠢ | ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠶᠤᠯᠭᠦᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ | ᠠᠶᠤᠯᠭᠦᠢ ᠦᠢᠯᠡᠳᠪᠦᠷᠢᠯᠡᠯ ᠢ ᠦᠨᠡᠨᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠰᠠᠭᠤᠷᠢᠨ ᠳᠡᠭᠡᠷ᠎ᠡ | ᠯᠠᠪᠳᠠᠭᠤᠨ ᠢᠶᠠᠷ ᠬᠥᠭᠵᠢᠭᠦᠯᠵᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠶᠢᠨ ᠶᠦᠩ ᠾᠧ᠂ ᠵᠣᠣ ᠬᠠᠢ ᠯᠢ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ | ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |