ᠯᠦᠸᠧ ᠲᠦᠸᠧ ᠱᠠᠨ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/2/24
   ᠤᠯᠠᠨ ᠲᠦᠮᠡᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠤᠨ ᠨᠡᠪᠴᠢᠯᠳᠡ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠂ ᠭᠠᠵᠢᠭᠤ  ᠨᠤᠮᠯᠠᠯ ᠢ ᠡᠰᠡᠷᠭᠦᠴᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ  ᠪᠤᠯᠭᠠᠬᠤ ᠶᠢᠨ ᠲᠦᠯᠦᠭᠡ᠂ 2 ᠰᠠᠷ᠎ᠠ ᠶᠢᠨ 23 ᠤ ᠡᠳᠦᠷ  ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠤᠷᠳᠤᠨ ᠨᠢ ᠲᠣᠮᠢᠯᠠᠭᠰᠠᠨ ᠰᠠᠯᠪᠤᠷᠢ᠂ ᠬᠠᠤᠯᠢ ᠶᠢᠨ ᠰᠠᠯᠪᠤᠷᠢ ᠲᠠᠢ ᠬᠠᠮᠳᠤᠷᠠᠵᠤ᠂  ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠡᠨᠡ ᠤᠳᠠᠭᠠᠨ ᠤ ᠠᠵᠢᠯᠯᠠᠭ᠎ᠠ ᠨᠢ ᠲᠤᠬᠠᠢ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠵᠠᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠦ᠋ ᠲᠤᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠲᠠᠶᠢᠯᠪᠤᠷᠢᠯᠠᠯᠲᠠ ᠬᠢᠭᠰᠡᠨ ᠤ ᠬᠠᠮᠳᠤ᠂ ᠭᠠᠵᠢᠭᠤ ᠨᠣᠮᠯᠠᠯ ᠤᠨ ᠮᠥᠨ ᠴᠢᠨᠠᠷ ᠪᠣᠯᠣᠨ ᠬᠤᠣᠷ ᠬᠥᠨᠥᠭᠡᠯ ᠢ ᠲᠣᠳᠣᠷᠬᠠᠢ ᠲᠠᠨᠢᠵᠤ᠂ ᠭᠠᠵᠢᠭᠤ ᠨᠣᠮᠯᠠᠯ ᠤᠨ ᠬᠠᠤᠯᠢ ᠪᠤᠰᠤ ᠴᠢᠨᠠᠷ᠂ ᠲᠡᠷᠰᠯᠡᠭᠦᠦ ᠴᠢᠨᠠᠷ ᠢ ᠭᠦᠢᠴᠡᠳ ᠲᠠᠨᠢᠵᠤ᠂ ᠭᠠᠵᠢᠭᠤ ᠨᠣᠮᠯᠠᠯ ᠠᠴᠠ ᠵᠠᠶᠢᠳᠠᠬᠤ᠂ ᠰᠢᠨᠵᠢᠯᠡᠬᠦ ᠤᠬᠠᠭᠠᠨ ᠢ ᠬᠦᠨᠳᠦᠳᠬᠡᠬᠦ᠂ ᠬᠠᠤᠯᠢ ᠴᠠᠭᠠᠵᠠ ᠶᠢ ᠲᠠᠭᠠᠬᠤ ᠤᠬᠠᠮᠰᠠᠷ ᠲᠠᠢ ᠪᠤᠯᠵᠠᠭᠠᠨ᠂ ᠭᠠᠵᠢᠭᠤ ᠨᠣᠮᠯᠠᠯ ᠤᠨ ᠦᠭᠡ ᠶᠠᠷᠢᠶ᠎ᠠ ᠶᠢ ᠰᠣᠨᠣᠰᠬᠤ ᠦᠭᠡᠢ᠂ ᠦᠵᠡᠬᠦ ᠦᠭᠡᠢ᠂ ᠤᠯᠠᠮᠵᠢᠯᠠᠬᠤ ᠦᠭᠡᠢ ᠪᠠᠶᠢᠵᠤ᠂ ᠤᠬᠠᠮᠰᠠᠷ ᠠᠴᠠ ᠪᠠᠨ ᠭᠠᠵᠢᠭᠤ ᠨᠣᠮᠯᠠᠯ ᠢ ᠡᠰᠡᠷᠭᠦᠴᠡᠬᠦ ᠬᠡᠷᠡᠭᠲᠡᠢ ᠭᠡᠵᠦ ᠴᠢᠬᠤᠯᠠᠴᠢᠯᠠᠪᠠ᠃   ᠠᠵᠢᠯᠯᠠᠭᠠᠨ ᠤ  ᠲᠤᠮᠳᠠ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠡᠳ᠋ ᠪᠣᠳᠠᠰ ᠢ  ᠲᠠᠷᠬᠠᠭᠠᠵᠤ᠂ ᠭᠠᠵᠢᠭᠤ ᠨᠣᠮᠯᠠᠯ ᠤᠨ ᠦᠨᠳᠦᠰᠦᠨ ᠣᠨᠴᠠᠯᠢᠭ᠂ ᠲᠥᠷᠥᠯ ᠵᠦᠢᠯ᠂ ᠬᠤᠣᠷ ᠬᠥᠨᠥᠭᠡᠯ ᠵᠡᠷᠭᠡ ᠶᠢ ᠤᠬᠠᠭᠤᠯᠤᠨ ᠲᠠᠶᠢᠯᠪᠤᠷᠢᠯᠠᠵᠤ᠂  ᠣᠯᠠᠨ ᠲᠦᠮᠡᠨ ᠤ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠳᠤ᠂ ᠭᠠᠵᠢᠭᠤ ᠨᠣᠮᠯᠠᠯ ᠢ ᠰᠣᠨᠣᠰᠬᠤ ᠦᠭᠡᠢ᠂ ᠢᠲᠡᠭᠡᠬᠦ ᠦᠭᠡᠢ᠂ ᠤᠯᠠᠮᠵᠢᠯᠠᠬᠤ ᠦᠭᠡᠢ ᠪᠠᠶᠢᠵᠤ᠂ ᠭᠠᠵᠢᠭᠤ ᠨᠤᠮᠳᠠᠳ ᠤᠨ ᠬᠠᠤᠯᠢ ᠪᠤᠰᠤ ᠠᠵᠢᠯᠯᠠᠭ᠎ᠠ ᠶᠢ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠭᠡᠵᠦ ᠣᠯᠠᠨ ᠲᠦᠮᠡᠨ ᠢ ᠤᠷᠢᠶᠠᠯᠠᠭᠰᠠᠨ ᠪᠠᠶᠢᠨ᠎ᠠ᠃  ᠠᠵᠢᠯᠳᠠᠳ ᠪᠠᠰᠠ ᠱᠠᠰᠢᠨ ᠰᠤᠷᠲᠠᠬᠤᠨ ᠤ ᠲᠠᠯᠠᠪᠤᠷ ᠲᠤ ᠭᠦᠨᠵᠡᠭᠡᠶᠢᠷᠡᠵᠦ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠬᠢᠬᠦ ᠶᠢᠨ ᠬᠠᠮᠳᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠬᠡᠮ ᠰᠣᠭᠤᠭ ᠢ ᠰᠠᠶᠢᠳᠤᠷ ᠪᠠᠶᠢᠴᠠᠭᠠᠨ᠂ ᠬᠠᠪᠤᠷ ᠤᠨ ᠤᠯᠠᠷᠢᠯ ᠤᠨ ᠴᠠᠭ ᠠᠭᠤᠷ ᠤᠨ ᠭᠠᠮᠰᠢᠭ ᠢ ᠵᠠᠳᠠᠯᠤᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠨ ᠬᠢᠬᠦ ᠭᠡᠷᠡᠭᠳᠡᠢ ᠬᠡᠵᠦ ᠱᠠᠭᠠᠷᠳᠠᠯᠭ᠎ᠠ ᠲᠠᠯᠪᠢᠵᠠᠢ᠃ ᠲᠠᠷᠠᠭᠠᠴᠢ ᠶᠢᠨ ᠠᠯᠬᠤᠮ ᠳᠤ᠂  ᠲᠤᠰ ᠪᠠᠯᠭᠠᠰᠤ ᠨᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠦᠷ᠎ᠡ  ᠪᠦᠳᠦᠮᠵᠢ ᠶᠢ ᠲᠠᠰᠤᠷᠠᠯᠲᠠ ᠦᠭᠡᠢ ᠪᠠᠬᠢᠵᠢᠬᠦᠯᠦᠨ᠂ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠳᠤᠳᠬᠠᠨ ᠴᠤᠭᠴᠠᠯᠠᠬᠤ ᠪᠠᠷ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号