2023 ᠤᠨ ᠳᠤ ᠲᠠᠶᠢᠹᠤᠰᠧ ᠬᠤᠰᠢᠭᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/2/25
  ᠠᠷᠠᠳ ᠤᠨ ᠠᠮᠢᠳᠤᠷᠠᠯ ᠤᠨ ᠪᠠᠳᠤᠯᠠᠭᠠᠨ ᠤ ᠲᠣᠣᠷ ᠢ ᠨᠢᠭᠲᠠ ᠪᠠᠳᠤ ᠰᠦᠯᠵᠢᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠣᠷᠤᠯᠴᠠᠬᠤ ᠶᠣᠰᠣᠲᠠᠢ ᠶᠢ ᠨᠢ ᠪᠦᠷ ᠤᠷᠤᠯᠴᠠᠭᠤᠯᠬᠤ᠂ ᠪᠠᠲᠤᠯᠠᠬᠤ ᠶᠣᠰᠣᠲᠠᠢ ᠶᠢ ᠨᠢ ᠪᠦᠷ ᠪᠠᠲᠤᠯᠠᠬᠤ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠦᠢᠯᠡᠰ  ᠪᠦᠳᠦᠬᠡᠵᠦ ᠠᠵᠢᠯ ᠣᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠪᠠ ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠠᠵᠢᠯ ᠣᠯᠬᠤ ᠠᠷᠭ᠎ᠠ ᠵᠠᠮ ᠢ ᠦᠷᠭᠡᠳᠭᠡᠵᠦ᠂ 1200 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢ ᠲᠠᠷᠬᠠᠭᠠᠨ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 5% ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠳᠤᠯᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠ ᠬᠥᠳᠡᠭᠡ ᠶᠢᠨ ᠲᠠᠪᠤᠨ ᠪᠠᠳᠤᠯᠠᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ᠂ ᠭᠠᠢ ᠭᠠᠮᠰᠢᠭ ᠠᠴᠠ ᠠᠪᠤᠷᠠᠨ ᠲᠡᠳᠬᠦᠬᠦ ᠵᠡᠷᠭᠡ ᠲᠦᠷᠦ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ᠂ ᠬᠥᠯᠥᠰᠦᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠪᠠ ᠬᠦᠴᠢᠷᠳᠡᠯ ᠲᠠᠢ ᠬᠦᠮᠦᠰ ᠢ ᠲᠡᠳᠬᠦᠨ ᠲᠤᠰᠠᠯᠠᠬᠤ ᠠᠵᠢᠯ ᠢ ᠢᠳᠡᠪᠬᠢᠲᠡᠢ  ᠰᠠᠶᠢᠨ ᠬᠢᠵᠦ ᠂ ᠨᠡᠶᠢᠭᠡᠮ ᠤᠨ  ᠪᠠᠳᠤᠯᠠᠭᠠᠨ ᠤ ᠬᠢᠷᠢ  ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      ᠰᠤᠷᠭᠠᠨ ᠬᠥᠮᠦᠵᠢᠯ ᠡᠮ ᠡᠮᠨᠡᠯᠭᠡ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠡᠭᠦᠳᠡ  ᠬᠢᠭᠡᠳ 1 ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ 2 ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠢ ᠥᠭᠡᠷᠡᠴᠢᠯᠡᠨ ᠪᠠᠶᠢᠭᠤᠯᠵᠤ᠂ 3 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠨᠢᠭᠡᠳᠦᠭᠡᠷ ᠹᠷᠣᠨᠲ ᠲᠤ ᠲᠤᠲᠠᠭᠳᠠᠵᠤ ᠪᠠᠶᠢᠭ᠎ᠠ ᠪᠠᠭᠰᠢ ᠨᠠᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂  ᠡᠨᠡ ᠵᠢᠯ ᠳᠤ 60 ᠨᠡᠷ᠎ᠡ  ᠪᠠᠭᠰᠢ ᠶᠢ ᠡᠯᠰᠡᠨ  ᠭᠡᠷᠡᠭᠯᠡᠬᠦ ᠪᠦᠭᠡᠳ  ᠨᠡᠷᠡᠳᠦ ᠰᠢᠯᠢᠳᠡᠭ ᠪᠠᠭᠰᠢ   ᠶᠢ ᠤᠷᠢᠵᠤ  ᠤᠷᠤᠭᠤᠯᠤᠨ᠂  ᠪᠠᠭᠰᠢ ᠶᠢᠨ ᠡᠩᠨᠡᠭᠡ ᠪᠠ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠨᠡᠶᠢᠬᠡᠮ ᠢ ᠲᠠᠶᠢᠴᠢᠯᠠᠨ ᠰᠤᠷᠭᠠᠨ ᠬᠦᠮᠦᠵᠢᠯ ᠢ ᠬᠠᠮᠵᠢᠯᠴᠠᠨ ᠠᠳᠬᠤᠵᠤ᠂  ᠦᠨᠡᠨ ᠪᠤᠳᠠᠳᠠᠢ ᠦᠷ᠎ᠡ ᠪᠦᠳᠦᠮᠵᠢ ᠪᠠᠷ ᠰᠤᠷᠭᠠᠨ ᠬᠦᠮᠦᠵᠢᠯ ᠤᠨ ᠢᠳᠡᠭᠡᠯ ᠢ ᠪᠠᠳᠤᠳᠬᠠᠨ᠎ᠠ᠃ ᠡᠮᠨᠡᠯᠭᠡ ᠶᠢᠨ ᠦᠢᠯᠡᠴᠢᠯᠡᠭᠡᠨ ᠤ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠨᠠᠩ ᠠᠰᠢᠭᠲᠠᠢ ᠪᠣᠯᠭᠠᠬᠤ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠲᠤ ᠬᠤᠪᠢᠶᠠᠵᠤ ᠣᠨᠣᠰᠢᠯᠠᠨ ᠡᠮᠨᠡᠬᠦ ᠪᠠ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠳᠦᠷᠢᠮ ᠢ ᠲᠡᠭᠦᠯᠳᠡᠷᠵᠢᠭᠦᠯᠵᠦ᠂ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠮᠡᠷᠭᠡᠵᠢᠯ ᠤᠨ ᠴᠣᠯᠠ ᠲᠣᠭᠲᠠᠭᠠᠬᠤ ᠭᠤᠣᠯᠳᠠᠯᠭ᠎ᠠ ᠶᠢ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠳᠠᠰᠢ ᠬᠡᠯᠪᠡᠶᠢᠯᠭᠡᠨ᠎ᠡ᠃  ᠬᠢᠳᠠᠳ ᠮᠣᠩᠭᠤᠯ  ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃      ᠡᠯ᠎ᠡ ᠲᠦᠷᠦᠯ ᠤᠨ ᠨᠡᠶᠢᠭᠡᠮ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠮᠲᠤᠪᠠᠷ ᠡᠳ᠋ᠯᠡᠵᠦ ᠬᠠᠮᠲᠤᠪᠠᠷ ᠵᠠᠰᠠᠬᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠳᠬᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂  ᠲᠡᠳᠡᠨ ᠳᠤ ᠢᠯᠡᠭᠦᠬᠡᠨ ᠬᠠᠶᠢᠷ᠎ᠠ ᠬᠠᠯᠠᠮᠵᠢ ᠬᠦᠷᠲᠡᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠰᠠᠶᠢᠲᠤᠷ ᠠᠳᠬᠤᠵᠤ᠂  ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂  ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠲᠥᠪ᠂  ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠪᠠ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠠᠵᠢᠯ ᠡᠬᠢᠯᠡᠬᠦᠯᠬᠦ ᠪᠠᠷ ᠴᠢᠷᠮᠠᠶᠢᠵᠤ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ  ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠠᠷᠢᠯᠭ᠎ᠠ ᠶᠢ ᠲᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠢ ᠥᠭᠡᠷᠡᠴᠢᠯᠡᠵᠦ ᠥᠷᠭᠡᠳᠬᠡᠨ᠂ ᠨᠡᠶᠢᠲᠡ ᠶᠢᠨ ᠤᠡᠭᠭᠤᠨ ᠤ ᠭᠠᠵᠠᠷ ᠢ ᠠᠰᠢᠭᠯᠠᠯᠲᠠ ᠳᠤ ᠤᠷᠤᠭᠤᠯᠤᠨ᠎ᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠤᠯᠠᠭᠠᠨ ᠵᠠᠭᠠᠯᠮᠠᠶᠢᠳᠠᠨ᠂ ᠨᠢᠭᠦᠯᠡᠰᠦᠩᠭᠦᠢ ᠶᠢᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ ᠪᠠ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠱᠠᠰᠢᠨ ᠰᠤᠷᠲᠠᠬᠤᠨ᠂ ᠬᠠᠮ ᠵᠠᠭᠤᠴᠢᠯᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠂ ᠴᠠᠭ ᠠᠭᠤᠷ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂  ᠵᠠᠯᠠᠭᠤᠴᠤᠳ ᠤᠨ ᠡᠪᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ  ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号