ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠳᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ︽ᠠᠵᠤ | ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯᠲᠠᠨ ᠢ ︽ᠭᠤᠷᠪᠠᠨ | ᠲᠡᠰ ᠨᠢᠭᠡ ᠹᠷᠣᠨᠲ︾ ᠤᠨ ᠬᠢᠨᠠᠨ ᠬᠠᠮᠢᠶᠠᠷᠬᠤ ᠡᠩᠨᠡᠭᠡ ᠳᠤ ᠣᠷᠣᠭᠤᠯᠤᠨ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠪᠥᠬᠦ ᠶᠠᠪᠤᠴᠠ ᠶᠢ ᠪᠠᠶᠢᠩᠭᠤ ᠶᠢᠨ ᠴᠢᠨᠠᠷᠳᠠᠢ ᠬᠢᠨᠠᠨ ᠰᠢᠯᠭᠠᠵᠤ ᠂ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠬᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ | ᠬᠦᠨᠳᠦ ᠶᠡᠭᠡ ᠤᠰᠤᠯ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠵᠤ | ᠭᠠᠮᠰᠢᠭ ᠠᠴᠠ ᠠᠪᠤᠷᠠᠨ ᠠᠶᠤᠯ ᠠᠴᠠ ᠵᠠᠶᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ | ᠨᠡᠶᠢᠭᠡᠮ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠬᠢᠷᠢ ᠴᠢᠳᠠᠪᠤᠷᠢ ᠶᠢ ᠶᠡᠷᠦᠩᠬᠡᠢ ᠳᠤᠨᠢ | ᠳᠡᠭᠡᠭᠰᠢᠯᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠠᠮᠳᠤᠷᠠᠭᠰᠠᠨ | ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ ᠪᠠᠶᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠦᠢᠯᠡᠳᠦᠯ | ᠴᠢᠳᠠᠮᠵᠢ ᠶᠢ ᠪᠦᠲᠦᠮᠵᠢᠲᠡᠶ ᠲᠡᠭᠡᠭᠰᠢᠯᠡᠬᠦᠯᠦᠨ᠂ ᠢᠳᠡᠭᠡᠨ ᠤᠮᠳᠠᠭᠠᠨ ᠤ ᠦᠢᠯᠡᠰ ᠤᠨ ︽ᠢᠯᠡ ᠬᠠᠷᠠᠭᠤᠯᠬᠤ︾ | ᠠᠷᠭ᠎ᠠ ᠪᠠ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠨᠡᠶᠢᠳᠡᠮ ᠪᠦᠷᠬᠦᠬᠦ ᠶᠢ ᠲᠦᠷᠭᠡᠳᠬᠡᠵᠦ᠂ ᠢᠳᠡᠭᠡᠨ ᠤᠮᠳᠠᠭᠠᠨ | ᠡᠮ ᠤᠨ ᠵᠦᠢᠯ ᠤᠨ ᠬᠠᠮᠢᠶᠠᠳᠠᠢ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠳᠡᠭᠡᠨ ᠤᠮᠳᠠᠭᠠᠨ ᠡᠮ ᠤᠨ | ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ︽ᠠᠮᠤᠷ | ᠠᠮᠤᠭᠤᠯᠠᠩ ᠲᠠᠶᠢᠹᠤᠰᠧ ᠬᠤᠰᠢᠭᠤ︾ ︽ᠬᠠᠤᠯᠢ ᠪᠠᠷ ᠵᠠᠰᠠᠭᠰᠠᠨ ᠲᠠᠶᠢᠹᠤᠰᠧ ᠬᠤᠰᠢᠭᠤ︾ ᠶᠢᠨ ᠪᠠᠶᠢᠭᠤᠯᠤᠯᠲᠠ ᠶᠢ | ᠬᠦᠨᠵᠡᠬᠡᠶᠢᠷᠡᠬᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ | ᠦᠷᠨᠢᠬᠦᠯᠦᠨ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠦᠷᠨᠢᠬᠦᠯᠵᠦ ᠂ | ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠬᠠᠮᠳᠤ᠂ ᠵᠥᠷᠢᠴᠡᠯ ᠵᠢᠭᠤᠷᠠᠭᠠᠨ ᠢ | ᠵᠢᠭᠰᠠᠭᠠᠨ ᠪᠠᠶᠢᠴᠠᠭᠠᠬᠤ ᠠᠵᠢᠯ ᠢ ᠬᠥᠳᠡᠯᠦᠩᠭᠦᠢ ᠪᠠᠷ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠨ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠦᠭᠬᠦ ᠭᠡᠷᠡᠭᠳᠡᠢ᠃ |