ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠴᠢᠨᠠᠭᠰᠢᠳᠠ ᠲᠡᠭᠡᠭᠰᠢᠯᠡᠬᠦᠯᠵᠦ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠱᠠᠭᠠᠷᠳᠠᠭᠳᠠᠬᠤ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ | ᠲᠤᠰᠠᠳᠠ᠂ 2 ᠰᠠᠷ᠎ᠠ ᠶᠢᠨ 24 ᠤ ᠡᠳᠦᠷ ᠠᠴᠠ ᠲᠠᠶᠢᠹᠤᠰᠧ ᠬᠤᠰᠢᠭᠤ ᠨᠢ 2022 ᠣᠨ ᠤ ᠥᠨᠳᠥᠷ ᠬᠡᠪ | ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃ ᠡᠨᠡ | ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 8 ᠡᠳᠦᠷ ᠪᠠᠶᠢᠵᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ | ᠪᠠᠯᠭᠠᠰᠤᠨ ᠤ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠳᠠᠨ᠂ ᠮᠠᠯᠴᠢᠨ ᠲᠠᠷᠢᠶᠠᠴᠢᠨ ᠤ | ᠬᠤᠷᠰᠢᠶᠠᠵᠢᠯ᠂ ᠲᠠᠷᠢᠶᠠᠯᠠᠩ ᠮᠠᠯᠵᠢᠯ ᠤᠨ ᠠᠵᠤ ᠠᠬᠤᠶᠢᠯᠠᠯ᠂ ᠳᠠᠷᠢᠵᠤ ᠮᠠᠯᠵᠢᠬᠤ ᠲᠣᠮᠣ ᠡᠷᠦᠬᠡ ᠵᠢᠴᠢ ᠵᠣᠬᠢᠬᠤ | ᠬᠡᠪᠴᠢᠶᠡᠨ ᠤ ᠡᠵᠡᠩᠨᠡᠯᠲᠡ ᠬᠢᠵᠦ ᠪᠠᠶᠢᠭ᠎ᠠ 112 ᠮᠠᠯᠴᠢᠨ ᠲᠠᠷᠢᠶᠠᠴᠢᠨ ᠪᠣᠯᠪᠠᠰᠤᠷᠠᠯ ᠳᠤ ᠣᠷᠣᠯᠴᠠᠵᠠᠢ᠃ | ᠪᠣᠯᠪᠠᠰᠤᠷᠠᠯ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠠᠬᠤᠢ ᠲᠠᠯᠠᠪᠠᠶ ᠶᠢᠨ ᠦᠵᠡᠭᠦᠯᠦᠯᠭᠡ ᠶᠢᠨ | ᠵᠢᠭᠠᠨ ᠰᠤᠷᠭᠠᠯᠲᠠ ᠶᠢ ᠤᠶᠠᠯᠳᠤᠭᠤᠯᠤᠭᠰᠠᠨ ᠬᠡᠯᠪᠡᠷᠢ ᠪᠠᠷ ᠠᠯᠠᠰᠢᠨ ᠤ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠯᠲᠡ ᠬᠠᠮᠢᠶᠠᠷᠤᠯᠲᠠ᠂ ᠠᠮᠢᠲᠠᠨ ᠤ ᠪᠠᠶᠢᠩᠭᠤ | ᠲᠣᠬᠢᠶᠠᠯᠳᠤᠳᠠᠭ ᠡᠪᠡᠳᠴᠢᠨ ᠬᠡᠮ ᠢ ᠰᠡᠷᠭᠡᠶᠢᠯᠡᠨ ᠵᠠᠰᠠᠬᠤ᠂ ᠲᠥᠮᠥᠰᠥ ᠨᠤᠭᠤᠭ᠎ᠠ ᠳᠠᠷᠢᠬᠤ ᠵᠡᠷᠭᠡ ᠠᠭᠤᠯᠭ᠎ᠠ ᠲᠠᠢ᠃ | ᠡᠭᠦᠨ ᠤ ᠵᠣᠷᠢᠯᠭ᠎ᠠ ᠨᠢ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ | ᠪᠠᠴᠢᠮ ᠱᠠᠭᠠᠷᠳᠠᠭᠳᠠᠵᠤ ᠪᠠᠶᠢᠭ᠎ᠠ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ | ᠡᠩᠨᠡᠭᠡ ᠶᠢ ᠬᠥᠮᠥᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠠ ᠬᠥᠳᠡᠭᠡ ᠲᠣᠰᠬᠤᠨ ᠤ ᠠᠵᠤ ᠠᠬᠤᠢ ᠶᠢᠨ ᠳᠠᠭᠠᠭᠤᠯᠤᠭᠴᠢ | ᠪᠣᠯᠭᠠᠬᠤ ᠶᠢᠨ ᠲᠥᠯᠥᠭᠡ ᠶᠤᠮ᠃ ᠡᠨᠡ ᠤᠳᠠᠭᠠᠨ ᠤ ᠪᠣᠯᠪᠠᠰᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠪᠣᠳᠠᠲᠠᠢ ᠵᠣᠬᠢᠶᠠᠨ ᠪᠠᠶᠢᠭᠤᠯᠵᠤ | ᠶᠠᠪᠤᠭᠳᠠᠭᠤᠯᠤᠭᠰᠠᠨ ᠪᠠᠶᠢᠨ᠎ᠠ᠃ ᠪᠣᠯᠪᠠᠰᠤᠷᠠᠯ ᠢᠶᠠᠷ ᠲᠠᠮᠵᠢᠭᠠᠳ᠂ ᠡᠳᠡᠭᠡᠷ ᠮᠠᠯᠴᠢᠨ ᠲᠠᠷᠢᠶᠠᠴᠢᠨ ᠤ ᠬᠠᠷᠠᠭ᠎ᠠ ᠶᠢ | ᠨᠢ ᠲᠡᠯᠡᠵᠦ᠂ ᠰᠡᠳᠬᠢᠬᠦᠢ ᠶᠢ ᠨᠢ ᠥᠷᠭᠡᠳᠬᠡᠨ᠂ ᠦᠵᠡᠯᠲᠡ ᠶᠢ ᠨᠢ ᠰᠢᠨᠡᠳᠬᠡᠵᠦ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢ ᠲᠦᠷᠭᠡᠳᠬᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠪᠣᠯᠣᠨ᠎ᠠ᠃ |