ᠲᠠᠶᠢᠹᠤᠰᠧ ᠬᠤᠰᠢᠭᠤ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/27
    ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠴᠢᠬᠤᠯᠠ ᠰᠠᠭᠤᠷᠢ ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠲᠤᠯᠭᠠᠭᠤᠷᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠦᠲᠦᠮᠵᠢᠲᠡᠶ ᠠᠷᠭ᠎ᠠ ᠵᠠᠮ ᠮᠥᠨ᠃ 2 ᠰᠠᠷ᠎ᠠ ᠶᠢᠨ 24 ᠤ ᠡᠳᠦᠷ᠂  ᠲᠠᠶᠢᠹᠤᠰᠧ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ   ᠨᠢ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃  ᠠᠵᠢᠯᠯᠠᠭᠠᠨ ᠤ ᠳᠤᠮᠳᠠ᠂ ᠠᠵᠢᠯᠲᠠᠳ ᠠᠴᠠ ᠣᠯᠠᠨ ᠲᠦᠮᠡᠨ ᠳᠤ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠯᠭᠡ ᠶᠢ ᠨᠠᠷᠢᠨ  ᠲᠤᠳᠤᠷᠬᠠᠢ ᠲᠠᠶᠢᠯᠪᠤᠷᠢᠯᠠᠵᠤ ᠦᠭᠬᠦᠭᠰᠡᠨ ᠪᠦᠭᠡᠳ ᠡᠯ᠎ᠡ ᠰᠤᠮᠤ ᠰᠢᠶᠠᠩ ᠪᠠᠯᠭᠠᠰᠤ᠂  ᠭᠠᠴᠠᠭ᠎ᠠ ᠲᠣᠰᠬᠤᠨ ᠳᠤ ᠤᠬᠠᠭᠤᠯᠭ᠎ᠠ ᠶᠢᠨ ᠤᠷᠢᠶ᠎ᠠ ᠨᠠᠭᠠᠵᠤ ᠡᠯᠬᠦᠨ᠂  ᠨᠡᠶᠢᠳᠡᠮ ᠪᠠᠶᠢᠴᠠᠭᠠᠯᠳᠠ ᠶᠢᠨ ᠴᠢᠬᠤᠯᠠ ᠴᠢᠨᠠᠷ ᠢ ᠨᠡᠶᠢᠭᠡᠮ ᠨᠡᠶᠢᠳᠡ ᠳᠤ ᠢᠳᠡᠪᠬᠢᠲᠡᠢ   ᠤᠬᠠᠭᠤᠯᠪᠠ᠃ 2022 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠵᠠᠷᠯᠠᠭᠰᠠᠨ ᠤ ᠲᠠᠷᠠᠭ᠎ᠠ᠂  ᠲᠠᠶᠢᠹᠤᠰᠧ ᠬᠤᠰᠢᠭᠤ ᠨᠢ ᠨᠢᠭᠡᠳᠦᠭᠡᠷ ᠱᠠᠲᠤᠨ ᠤ ᠠᠵᠢᠯ ᠪᠤᠯᠬᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ  ᠲᠡᠭᠦᠰ ᠠᠮᠵᠢᠯᠲᠠ ᠲᠠᠢ ᠪᠡᠶᠡᠯᠡᠭᠦᠯᠵᠦ 538 ᠥᠯᠢᠭᠡᠷ ᠬᠡᠪ ᠢ ᠴᠤᠭᠯᠠᠭᠤᠯᠤᠭᠰᠠᠨ ᠪᠤᠯ᠂ ᠲᠠᠷᠠᠭᠠᠴᠢ ᠶᠢᠨ ᠠᠯᠬᠤᠮ ᠳᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷᠯᠢᠭ ᠪᠦᠲᠦᠮᠵᠢ ᠲᠠᠢ ᠠᠬᠢᠭᠤᠯᠵᠤ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠰᠠᠭᠤᠷᠢ ᠲᠠᠯᠪᠢᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号