2 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠲᠠᠢ ᠰᠢ | ᠲᠡᠮᠦᠷ ᠵᠠᠮ ᠤᠨ ᠲᠥᠷᠥᠯ ᠵᠦᠢᠯ ᠤᠨ ᠪᠠᠶᠢᠭᠤᠯᠤᠯᠲᠠ ᠶᠢᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ | ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ᠂ ᠳᠡᠳ᠋ ᠬᠤᠰᠢᠭᠤ | ᠳᠠᠷᠤᠭ᠎ᠠ ᠡᠷᠳᠡᠨᠢᠪᠠᠭᠠᠳᠤᠷ ᠵᠢᠴᠢ ᠳᠤᠮᠳᠠᠳᠤ ᠤᠯᠤᠰ ᠤᠨ ᠲᠡᠮᠦᠷ ᠵᠠᠮ ᠤᠨ ᠬᠤᠪᠢᠴᠠᠭᠠᠳᠤ ᠺᠣᠮᠫᠠᠨᠢ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠲᠠᠢ ᠰᠢ ᠲᠡᠮᠦᠷ ᠵᠠᠮ ᠤᠨ ᠲᠠᠶᠢᠹᠤᠰᠧ | ᠬᠤᠰᠢᠭᠤᠨ ᠳᠠᠬᠢ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠪᠥᠬᠦ ᠬᠤᠰᠢᠭᠤᠨ ᠤ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ | ᠴᠢᠩᠭᠠᠳᠬᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠭᠠᠷ ᠭᠦᠢᠴᠡᠳᠬᠡᠯ ᠬᠢᠬᠦ᠂ | ᠵᠤᠬᠢᠴᠠᠭᠤᠯᠤᠨ ᠬᠠᠮᠵᠢᠯᠴᠠᠬᠤ ᠵᠡᠷᠭᠡ ᠪᠠᠳᠤᠯᠠᠭᠠᠨ ᠤ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠡᠯ᠎ᠡ | ᠲᠦᠷᠦᠯ ᠤᠨ ᠠᠵᠢᠯ ᠡᠬᠢᠯᠡᠭᠦᠯᠬᠦ ᠬᠦᠴᠦᠨ ᠵᠦᠢᠯ ᠤᠨ ᠪᠠᠲᠤᠯᠠᠭ᠎ᠠ ᠶᠢ ᠪᠣᠳᠠᠲᠠᠢ ᠪᠥᠭᠡᠳ ᠭᠦᠢᠴᠡᠳ ᠬᠢᠬᠦ ᠬᠡᠷᠡᠭᠲᠡᠢ ᠃ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠴᠢᠩᠭᠠᠳᠬᠠᠵᠤ᠂ ᠲᠤᠰᠬᠠᠢ ᠠᠵᠢᠯᠯᠠᠬᠤ ᠠᠩᠭᠢ ᠶᠢ ᠪᠠᠶᠢᠭᠤᠯᠤᠨ | ᠂ ᠬᠦᠴᠦᠨ ᠢᠶᠠᠨ ᠬᠠᠮᠳᠤᠳᠬᠠᠵᠤ᠂ ᠬᠠᠮᠵᠢᠯᠴᠠᠭ᠎ᠠ ᠶᠢ ᠴᠢᠩᠭᠠᠳᠬᠠᠨ᠂ ᠪᠣᠳᠠᠲᠠᠢ ᠠᠰᠠᠭᠤᠳᠠᠯ ᠢ ᠴᠠᠭ ᠲᠤᠬᠠᠢ | ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ | ᠪᠠ ᠤᠷᠤᠭᠰᠢᠲᠠᠢ ᠭᠡᠷᠡᠭᠵᠢᠬᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |