ᠲᠠᠶᠢᠹᠤᠰᠧ ᠬᠤᠰᠢᠭᠤ ᠰᠦᠯᠵᠢᠶᠡᠨ ᠤ ᠣᠷᠣᠨ ᠵᠠᠢ ᠶᠢ ᠴᠡᠪᠡᠷᠰᠢᠬᠦᠯᠬᠦ ᠲᠤᠰᠬᠠᠢ ᠪᠠᠶᠢᠴᠠᠭᠠᠯᠳᠠ ᠦᠷᠨᠢᠬᠦᠯᠪᠡ
ᠨᠡᠶᠢᠲᠡᠯᠡᠭᠰᠡᠨ ᠴᠠᠭ᠄
2023/2/28
    ᠰᠦᠯᠵᠢᠶᠡᠨ ᠤ ᠠᠮᠢ ᠠᠬᠤᠢ ᠶᠢᠨ ᠵᠠᠰᠠᠯᠲᠠ ᠶᠢ ᠤᠯᠠᠮ ᠭᠦᠨᠵᠡᠭᠡᠶᠢᠷᠡᠭᠦᠯᠵᠦ᠂ ᠰᠦᠯᠵᠢᠶᠡᠨ ᠲᠠᠪᠴᠠᠩ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠲᠥᠯᠥᠭᠡ᠂  ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠲᠤᠰᠬᠠᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠰᠦᠯᠵᠢᠶᠡᠨ ᠤ ᠣᠷᠣᠨ ᠵᠠᠢ ᠶᠢ ᠴᠡᠪᠡᠷᠰᠢᠬᠦᠯᠬᠦ ᠲᠤᠰᠬᠠᠢ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠬᠠᠷᠢᠶ᠎ᠠ ᠤᠷᠤᠨ ᠤ ᠪᠠᠨ ᠵᠠᠰᠠᠭ ᠤᠨ ᠶᠠᠪᠤᠳᠠᠯ ᠤᠨ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ  ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ︽ᠭᠤᠷᠪᠠᠨ ᠬᠢᠨᠠᠯᠲᠠ︾ ᠶᠢᠨ ᠳᠦᠷᠢᠮ ᠪᠠ ᠰᠦᠯᠵᠢᠶᠡᠨ ᠲᠡᠭᠡᠷᠡᠬᠢ ᠬᠡᠪᠯᠡᠭᠳᠡᠬᠦᠨ ᠤ ᠪᠤᠷᠤᠯᠠᠭᠤᠯᠭ᠎ᠠ ᠶᠢᠨ ᠪᠠᠶᠢᠳᠠᠯ ᠵᠡᠷᠭᠡ ᠳᠤ ᠨᠠᠷᠢᠨ ᠪᠠᠶᠢᠴᠠᠭᠠᠯᠳᠠ ᠬᠢᠵᠦ᠂ ᠲᠦᠷᠢᠮᠵᠢᠬᠦᠨ ᠪᠤᠰᠤ᠂  ᠠᠯᠳᠠᠭ᠎ᠠ ᠪᠤᠷᠤᠭᠤ   ᠲᠠᠢ ᠮᠡᠳᠡᠭᠡ ᠵᠠᠩᠭᠢ   ᠶᠢᠨ ᠠᠰᠠᠭᠤᠳᠠᠯ ᠢ ᠴᠠᠭ ᠲᠤᠭᠳᠠᠭᠠᠨ ᠴᠡᠭᠴᠡᠯᠡᠨ ᠰᠠᠶᠢᠵᠢᠷᠠᠭᠤᠯᠵᠤ᠂ ᠨᠡᠶᠢᠲᠡᠯᠡᠭᠰᠡᠨ ᠠᠭᠤᠯᠭ᠎ᠠ ᠨᠢ ᠬᠠᠤᠯᠢ ᠲᠦᠷᠢᠮ ᠳᠤ ᠨᠡᠶᠢᠴᠡᠬᠦ ᠶᠢ ᠦᠨᠡᠨ ᠬᠦ  ᠪᠠᠳᠤᠯᠠᠨ᠂ ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠰᠦᠯᠵᠢᠶᠡᠨ ᠤ ᠴᠡᠪᠡᠷ ᠣᠷᠣᠨ ᠵᠠᠢ ᠶᠢ ᠪᠤᠢ ᠪᠤᠯᠭᠠᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号