ᠲᠠᠶᠢᠹᠤᠰᠧ ᠬᠤᠰᠢᠭᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/28
    2 ᠰᠠᠷ᠎ᠠ ᠶᠢᠨ 26 ᠤ ᠡᠳᠦᠷ᠂ ᠲᠠᠶᠢᠹᠤᠰᠧ ᠬᠤᠰᠢᠭᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠸᠠᠩ ᠵᠢᠦᠢ ᠰᠢ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠢ ᠪᠠᠷ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢᠵᠢᠯ ᠤᠨ ᠠᠷᠭ᠎ᠠ ᠪᠠᠷᠢᠯ ᠢᠶᠠᠷ ᠵᠥᠷᠢᠴᠡᠯ ᠢ  ᠨᠠᠮᠳᠠᠭᠤᠯᠤᠨ᠂ ᠬᠥᠭᠵᠢᠯᠲᠡ ᠶᠢ ᠠᠬᠢᠭᠤᠯᠵᠤ ᠂ ᠨᠡᠩ ᠶᠡᠭᠡ ᠡᠷᠴᠢᠮ ᠢᠶᠠᠷ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠬᠤᠪᠢᠷᠠᠭᠤᠯᠤᠨ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠢ ᠦᠨᠳᠦᠰᠦᠨ ᠠᠴᠠ ᠨᠢ  ᠲᠦᠷᠢᠮᠵᠢᠬᠦᠯᠵᠦ  ᠂ ᠵᠠᠰᠠᠭ ᠤᠨ ᠣᠷᠳᠣᠨ ᠤ ᠵᠠᠰᠠᠭ ᠪᠠᠷᠢᠬᠤ ᠴᠢᠳᠠᠪᠤᠷᠢ ᠪᠣᠯᠣᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ  ᠵᠢᠭᠠᠨ ᠭᠠᠷᠭᠠᠵᠠᠢ᠃ ᠬᠤᠷᠠᠯ ᠠᠴᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ᠂ ᠳᠦᠷᠢᠮ ᠤᠨ ᠪᠠᠶᠢᠭᠤᠯᠤᠯᠲᠠ᠂ ᠬᠠᠤᠯᠢ ᠬᠡᠷᠡᠭᠵᠢᠭᠦᠯᠦᠯᠲᠡ ᠶᠢ ᠲᠦᠷᠢᠮᠵᠢᠬᠦᠯᠬᠦ ᠳᠡᠭᠡᠷ᠎ᠡ ᠬᠦᠴᠦ ᠲᠠᠯᠪᠢᠵᠤ ᠂ ︽ᠬᠠᠤᠯᠢᠵᠢᠯ ᠤᠨ ᠣᠶᠢᠯᠠᠭᠠᠭᠳᠠᠬᠤᠨ︾᠂ ︽ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠪᠠ ︽ᠪᠣᠯᠪᠠᠰᠤᠨ ᠢᠶᠠᠷ ᠬᠠᠤᠯᠢ ᠬᠡᠷᠡᠭᠵᠢᠭᠦᠯᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠬᠠᠷᠠᠯᠲᠠ᠂ ᠬᠠᠷᠢᠭᠤᠴᠠᠯᠭᠠᠲᠤ ᠨᠢᠬᠡᠴᠡ᠂ ᠠᠵᠢᠯ ᠤᠨ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ  ᠲᠤᠳᠤᠷᠬᠠᠶᠢᠯᠠᠨ ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ  ᠴᠢᠩᠭ᠎ᠠ ᠠᠳᠬᠤᠨ ᠨᠠᠶᠢᠳᠠᠪᠤᠷᠢᠵᠢᠭᠤᠯᠵᠤ᠂  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠣᠯᠣᠨ  ᠬᠤᠰᠢᠭᠤ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号