ᠬᠤᠩ ᠴᠢ ᠪᠠᠯᠭᠠᠰᠤ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠭᠴᠢ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/2/28
    ᠪᠦᠬᠦ ᠪᠠᠯᠭᠠᠰᠤᠨ ᠤ ᠣᠶ ᠰᠢᠭᠤᠢ ᠨᠤᠳᠤᠭ ᠪᠡᠯᠴᠢᠭᠡᠷ ᠢ ᠬᠠᠮᠠᠭᠠᠯᠠᠬᠤ ᠠᠵᠢᠯᠳᠠᠨ ᠤ ᠡᠩᠨᠡᠭᠡ ᠶᠢᠨ ᠶᠡᠷᠦᠩᠬᠡᠢ ᠬᠡᠪ ᠪᠣᠯᠪᠠᠰᠤᠷᠠᠯ ᠢ ᠤᠯᠠᠮ  ᠲᠡᠭᠡᠭᠰᠢᠯᠡᠬᠦᠯᠵᠦ᠂ ᠠᠵᠢᠯᠳᠠᠳ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠂  ᠡᠭᠦᠷᠭᠡ ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠦᠢᠯᠡ ᠠᠵᠢᠯᠯᠠᠭ᠎ᠠ ᠶᠢ ᠨᠢ ᠲᠦᠷᠢᠮᠵᠢᠬᠦᠯᠦᠨ᠂  ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ  ᠬᠠᠮᠢᠶᠠᠷᠴᠤ ᠬᠠᠮᠠᠭᠠᠯᠠᠬᠤ ᠶᠢᠨ ᠲᠦᠯᠦᠭᠡ᠂ 2 ᠰᠠᠷ᠎ᠠ ᠶᠢᠨ 27 ᠤ ᠡᠳᠦᠷ ᠬᠤᠩ ᠴᠢ ᠪᠠᠯᠭᠠᠰᠤ ᠨᠢ 2023 ᠣᠨ ᠤ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠭᠴᠢ ᠶᠢᠨ ᠲᠤᠬᠠᠶᠢᠯᠠᠭᠰᠠᠨ ᠠᠵᠢᠯ ᠵᠢᠴᠢ ᠭᠠᠯ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠮᠧᠩ ᠵᠢᠶᠠᠨ ᠵᠢᠶᠦ᠋ᠨ ᠬᠤᠷᠠᠯ ᠡᠷᠭᠢᠯᠡᠵᠦ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠥᠷᠲᠡᠭᠡᠨ ᠤ ᠳᠡᠳ᠋ ᠳᠠᠷᠤᠭ᠎ᠠ ᠯᠢᠦ ᠯᠢᠶᠠᠩ ᠵᠡᠷᠭᠡ ᠬᠦᠮᠦᠰ ᠲᠤᠬᠠᠶᠢᠯᠠᠭᠰᠠᠨ ᠠᠵᠢᠯ ᠤᠨ ᠬᠢᠴᠢᠶᠡᠯ ᠲᠠᠶᠢᠯᠤᠮᠵᠢ ᠬᠢᠵᠡᠢ᠃  ᠡᠨᠡ ᠤᠳᠠᠭᠠᠨ ᠤ ᠪᠣᠯᠪᠠᠰᠤᠷᠠᠯ ᠳᠤ ᠭᠤᠣᠯᠳᠠᠭᠤ ᠤᠯᠤᠰ᠂ ᠣᠷᠣᠨ᠂ ᠠᠶᠢᠮᠠᠭ᠂ ᠬᠤᠰᠢᠭᠤᠨ ᠤ ᠣᠶ ᠰᠢᠭᠤᠢ  ᠨᠤᠳᠤᠭ ᠪᠡᠯᠴᠢᠬᠡᠷ  ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠡᠳᠦᠷ ᠲᠤᠲᠤᠮ ᠤᠨ ᠬᠠᠮᠢᠶᠠᠷᠤᠯᠲᠠ ᠶᠢᠨ ᠳᠦᠷᠢᠮ᠂  ᠬᠤᠷᠣᠬᠠᠢ ᠰᠢᠪᠠᠵᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂  ᠭᠠᠯ  ᠲᠦᠢᠮᠡᠷ ᠢ ᠰᠡᠷᠭᠡᠶᠢᠯᠡᠬᠦ  ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠬᠠᠤᠯᠢ ᠲᠦᠷᠢᠮ ᠢ ᠰᠤᠷᠤᠯᠴᠠᠭᠰᠠᠨ ᠪᠥᠭᠡᠳ 2023 ᠣᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠭᠰᠠᠨ ᠪᠠᠶᠢᠨ᠎ᠠ᠃ ᠬᠤᠷᠠᠯ ᠠᠴᠠ᠂  ᠠᠵᠢᠯᠳᠠᠳ ᠡᠷᠭᠡᠪᠰᠢ ᠤᠢ ᠰᠢᠭᠤᠢ ᠨᠤᠳᠤᠭ ᠪᠡᠯᠴᠢᠭᠡᠷ ᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠵᠤ᠂  ᠤᠢ  ᠪᠡᠯᠴᠢᠭᠡᠷ ᠬᠠᠮᠠᠭᠠᠯᠠᠬᠤ ᠠᠵᠢᠯ ᠢ ᠦᠨᠡᠨᠬᠦ ᠰᠡᠳᠬᠢᠯ ᠳᠡᠭᠡᠨ ᠪᠤᠳᠤᠨ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠶᠡᠷᠦᠩᠬᠡᠢ ᠬᠡᠪ ᠴᠢᠨᠠᠷ ᠪᠣᠯᠣᠨ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠴᠠᠭᠳᠠᠨ ᠪᠠᠶᠢᠴᠠᠭᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂  ᠭᠤᠣᠯᠳᠠᠯᠭ᠎ᠠ ᠲᠠᠢ ᠭᠠᠵᠠᠷ ᠤᠨ ᠲᠣᠭᠤᠷᠢᠨ ᠪᠠᠶᠢᠴᠠᠭᠠᠬᠤ ᠨᠢᠭᠲᠠᠴᠠ ᠶᠢ ᠴᠢᠩᠭᠠᠳᠬᠠᠵᠤ ᠂ ᠲᠡᠮᠳᠡᠭᠯᠡᠯ ᠢ ᠰᠠᠶᠢᠲᠤᠷ ᠬᠢᠵᠦ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠭᠡᠷᠡᠭᠯᠡᠬᠦ᠂ ᠤᠢ ᠮᠣᠳᠣ ᠬᠤᠯᠠᠭᠠᠶᠢᠯᠠᠬᠤ᠂ ᠬᠠᠤᠯᠢ ᠪᠤᠰᠤ ᠪᠠᠷ  ᠠᠪᠠ ᠬᠢᠬᠦ ᠵᠡᠷᠭᠡ ᠪᠠᠶᠢᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃  ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠦᠨ᠂ ᠭᠠᠯ ᠰᠡᠷᠭᠡᠶᠢᠯᠡᠬᠦ ᠠᠵᠢᠯ ᠳᠤ ᠤᠬᠠᠮᠰᠠᠷ ᠠᠴᠠ ᠪᠠᠨ ᠣᠷᠣᠯᠴᠠᠵᠤ᠂ ᠠᠮᠢ ᠠᠬᠤᠢ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ  ᠬᠠᠮᠠᠭᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃ ᠬᠤᠷᠠᠯ ᠲᠡᠭᠡᠷ᠎ᠡ᠂  ᠪᠦᠬᠦ ᠪᠠᠯᠭᠠᠰᠤᠨ ᠤ ᠤᠢ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠠᠵᠢᠯᠳᠠᠳ ᠭᠡᠷ᠎ᠡ ᠪᠢᠴᠢᠭ ᠲᠤ ᠭᠠᠷ ᠤᠨ ᠦᠰᠦᠭ ᠵᠢᠷᠤᠵᠠᠢ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号