ᠴᠢᠶᠠᠨ ᠶᠢᠨ ᠭᠧᠦ ᠪᠠᠯᠭᠠᠰᠤ ᠠᠶᠤᠯᠭᠦᠢ ᠦᠢᠯᠡᠳᠪᠦᠷᠢᠯᠡᠯ  ᠪᠠ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/2/28
    2 ᠰᠠᠷ᠎ᠠ ᠶᠢᠨ 27  ᠤ ᠡᠳᠦᠷ᠂ ᠴᠢᠶᠠᠨ ᠶᠢᠨ ᠭᠧᠦ ᠪᠠᠯᠭᠠᠰᠤ ᠠᠶᠤᠯᠭᠦᠢ ᠦᠢᠯᠡᠳᠪᠦᠷᠢᠯᠡᠯ ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ  ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ  ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠣᠷᠣᠨ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  ᠨᠠᠮ ᠤᠨ ᠬᠤᠷᠢᠶᠠᠨ ᠤ ᠱᠦᠵᠢ ᠵᠠᠩ ᠹᠧᠩ ᠦ᠋ ᠬᠤᠷᠠᠯ ᠤᠨ ᠶᠠᠷᠢᠶᠠᠨ ᠳᠠᠭᠠᠨ᠂  ᠪᠥᠬᠦ ᠪᠠᠯᠭᠠᠰᠤ ᠪᠠᠷ ᠢᠶᠠᠨ ᠦᠵᠡᠯᠳᠡ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠤᠯᠭᠠᠨ᠂ ᠡᠯ᠎ᠡ  ᠬᠦᠷᠢᠶ᠎ᠡ ᠴᠠᠷᠠᠭ᠎ᠠ ᠳᠠᠬᠢ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠰᠡᠷᠭᠡᠶᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃  ᠤᠰᠤᠯ ᠠᠳᠡᠯ ᠠᠴᠠ ᠰᠤᠷᠭᠠᠮᠵᠢ ᠠᠪᠴᠤ᠂ ᠱᠠᠭᠠᠷᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠵᠠᠩᠭᠢᠯᠠᠭ᠎ᠠ ᠶᠢᠨ ᠴᠡᠭ᠂ ᠭᠤᠣᠯᠳᠠᠯᠭ᠎ᠠ ᠲᠠᠢ ᠭᠤᠭᠴᠤᠭ᠎ᠠ ᠶᠢ ᠠᠩᠬᠠᠷᠴᠤ᠂ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠴᠢᠩᠭᠠᠳᠬᠠᠨ᠂  ᠬᠡᠮ ᠰᠣᠭᠤᠭ ᠦᠯᠡᠳᠡᠬᠦ ᠦᠭᠡᠢ᠂ ᠪᠠᠯᠠᠢ ᠣᠷᠣᠨ ᠣᠷᠬᠢᠭᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠢᠮᠠᠭᠲᠠ ᠪᠠᠷᠢᠮᠳᠠᠯᠠᠨ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠵᠦᠢ ᠵᠣᠬᠢᠰᠲᠠᠢ ᠲᠥᠯᠥᠪᠵᠢᠭᠦᠯᠦᠨ ᠲᠣᠬᠢᠷᠠᠭᠤᠯᠵᠤ᠂  2023 ᠣᠨ ᠤ ᠡᠯ᠎ᠡ  ᠲᠦᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃  ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠼᠠᠢ ᠬᠦᠶ ᠯᠢᠨ ᠴᠢᠬᠤᠯᠠᠴᠢᠯᠠᠬᠤ ᠳᠠᠭᠠᠨ᠂ ᠨᠢᠭᠡ ᠳᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠲᠣᠰᠬᠤᠨ ᠤ ᠳᠣᠲᠣᠷᠠᠬᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ  ᠤᠨ ᠬᠠᠮᠢᠶᠠᠷᠤᠯᠲᠠ ᠶᠢ ᠴᠢᠩᠭᠠᠳᠬᠠᠵᠤ᠂  ᠬᠡᠮ ᠰᠤᠭᠤᠭ ᠢ ᠴᠤᠬᠤᠶᠢᠮᠠᠭᠴᠠ ᠠᠷᠢᠯᠭᠠᠨ᠂  ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠤᠶᠠᠷ ᠲᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠴᠢᠩᠭᠠᠳᠬᠠᠵᠤ᠂  ᠢᠯᠡ ᠪᠣᠯᠭᠠᠬᠤ ᠠᠭᠤᠯᠭ᠎ᠠ ᠶᠢ ᠲᠣᠭᠲᠠᠭᠠᠯ ᠶᠣᠰᠣᠭᠠᠷ ᠲᠦᠷᠢᠮᠵᠢᠬᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠠᠬᠢᠭᠤᠯᠵᠤ᠂  ᠣᠯᠠᠨ ᠲᠦᠮᠡᠨ ᠤ ᠮᠡᠳᠡᠬᠦ ᠡᠷᠬᠡ᠂ ᠣᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠳᠤᠯᠠᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠬᠠᠨᠳᠤᠯᠭᠠᠲᠤ ᠴᠢᠨᠠᠷ᠂  ᠪᠦᠲᠦᠮᠵᠢᠲᠦ ᠴᠢᠨᠠᠷ ᠪᠠ ᠠᠮᠢᠵᠢᠷᠠᠯ ᠤᠨ ᠬᠦᠴᠦᠨ ᠢ  ᠨᠡᠮᠡᠭᠳᠡᠬᠦᠯᠬᠦ ᠬᠡᠷᠡᠭᠲᠡᠢ᠃ ᠭᠤᠷᠪᠠ ᠳᠤ᠂ ᠬᠥᠳᠡᠭᠡ ᠲᠣᠰᠬᠤᠨ ᠤ  ︽ᠡᠳ᠋ ᠬᠦᠷᠦᠩᠭᠡ ᠡᠬᠢ ᠪᠠᠶᠠᠯᠢᠭ ᠪᠡᠯᠡ  ᠮᠦᠩᠬᠦ︾  ᠶᠢᠨ ᠬᠠᠮᠢᠶᠠᠷᠤᠯᠲᠠ ᠶᠢ ᠤᠯᠠᠮ ᠴᠢᠩᠭᠠᠳᠬᠠᠨ ᠂ ᠬᠠᠷᠢᠭᠤᠴᠠᠯᠭ᠎ᠠ ᠶᠢᠨ ᠤᠬᠠᠮᠰᠠᠷ ᠢ  ᠨᠡᠮᠡᠭᠳᠡᠬᠦᠯᠵᠦ᠂ ᠠᠵᠢᠯ ᠤᠨ ᠵᠠᠷᠴᠢᠮ ᠢ ᠪᠠᠷᠢᠮᠳᠠᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠬᠡᠷᠡᠭᠯᠡᠬᠦ ᠶᠠᠪᠤᠴᠠ ᠶᠢ ᠲᠦᠷᠢᠮᠵᠢᠬᠦᠯᠦᠨ᠂ ᠬᠤᠯᠪᠣᠭᠳᠠᠯ ᠪᠦᠬᠦᠢ ᠲᠠᠩᠰᠠ ᠮᠠᠲ᠋ᠧᠷᠢᠶᠠᠯ ᠢ  ᠲᠡᠬᠦᠯᠳᠡᠷᠵᠢᠬᠦᠯᠬᠦ ᠬᠡᠷᠡᠭᠲᠡᠢ ᠭᠡᠪᠡ᠃ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠱᠢ ᠵᠢᠶᠠᠨ ᠪᠥᠸᠧ  ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠭᠧᠩ ᠶᠦᠨ  ᠂ ᠨᠠᠮ ᠤᠨ ᠬᠤᠷᠢᠶᠠᠨ ᠤ ᠭᠡᠰᠢᠭᠦᠨ᠂  ᠳᠡᠳ᠋ ᠪᠠᠯᠭᠠᠰᠤᠨ ᠳᠠᠷᠤᠭ᠎ᠠ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ  ᠂ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠮᠠ ᠲᠠᠢ  ᠂ ᠵᠣᠬᠢᠶᠠᠨ ᠪᠠᠶᠢᠭᠤᠯᠬᠤ ᠭᠡᠰᠢᠭᠦᠨ ᠵᠠᠩ ᠸᠧᠨ ᠲᠤᠤ  ᠂ ᠨᠢᠭᠡᠳᠦᠮᠡᠯ ᠹᠷᠣᠨᠲ ᠤᠨ ᠭᠡᠰᠢᠭᠦᠨ ᠯᠢ ᠵᠢᠶᠦ᠋ᠨ  ᠂ ᠳᠡᠳ᠋ ᠪᠠᠯᠭᠠᠰᠤᠨ ᠳᠠᠷᠤᠭ᠎ᠠ ᠪᠦᠦ ᠶᠠᠩ  ᠂ ᠳᠡᠳ᠋ ᠪᠠᠯᠭᠠᠰᠤᠨ ᠳᠠᠷᠤᠭ᠎ᠠ ᠪᠠᠢ ᠴᠧᠨ ᠰᠢ ᠠᠴᠠ ᠦᠪᠡᠷ ᠦᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ  ᠤᠨ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠡᠷᠬᠢᠯᠡᠭᠴᠢ ᠶᠢᠨ ᠲᠤᠰᠠᠯᠠᠭᠴᠢ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号