ᠲᠠᠶᠢᠹᠤᠰᠧ ᠬᠤᠰᠢᠭᠤᠨ ᠤ ᠬᠢᠨ ᠴᠠᠭᠠᠨ ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/2/3
  ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ   ᠶᠢᠨ ᠲᠣᠪᠴᠢᠶ᠎ᠠ ︽ᠪᠣᠯᠪᠠᠰᠤᠨ ᠢᠶᠠᠷ ᠬᠠᠤᠯᠢ ᠭᠡᠷᠡᠭᠵᠢᠬᠦᠯᠵᠦ  ᠂ ᠴᠠᠭᠠᠨ ᠰᠠᠷ᠎ᠠ   ᠶᠢᠨ ᠵᠥᠭᠡᠭᠡᠪᠦᠷᠢ   ᠶᠢ ᠪᠠᠳᠤᠯᠠᠬᠤ︾ ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠤᠨ ᠳᠠᠷᠠᠭᠠᠬᠢ  ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠪᠠᠶᠢᠳᠠᠯ ᠢ ᠪᠦᠬᠦ ᠬᠦᠴᠦᠨ   ᠢᠶᠠᠷ ᠪᠠᠲᠤᠯᠠᠵᠤ ᠪᠠᠶᠢᠨ᠎ᠠ᠃ 1 ᠰᠠᠷ᠎ᠠ ᠶᠢᠨ 26 ᠤ ᠡᠳᠦᠷ ᠠᠴᠠ ᠡᠬᠢᠯᠡᠨ᠂  ᠲᠤᠰ ᠲᠣᠪᠴᠢᠶ᠎ᠠ ᠨᠢ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠦ᠂ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠢ ᠱᠠᠭᠠᠷᠳᠠᠨ ︽ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠦᠭᠡᠢ︾  ᠬᠡᠮᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠤᠯᠭᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠪᠠᠳᠤᠯᠠᠵᠠᠢ᠃    ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠪᠠᠢ ᠬᠤᠢ ᠫᠧᠩ  ᠄ ︽ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠭᠰᠡᠨ ᠠᠴᠠ ᠨᠠᠰᠢ᠂ ᠮᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠪᠠᠶᠢᠳᠠᠯ ᠢ ᠤᠷᠢᠳᠴᠢᠯᠠᠨ ᠵᠠᠳᠠᠯᠵᠤ᠂ ᠵᠠᠰᠠᠮᠠᠯ ᠵᠠᠮ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠬᠤᠳᠠ ᠶᠢᠨ ᠵᠠᠮ ᠬᠠᠷᠢᠯᠴᠠᠭ᠎ᠠ᠂  ᠵᠢᠯᠤᠭᠤᠴᠢ ᠶᠢᠨ ᠰᠤᠷᠭᠠᠭᠤᠯᠢ᠂ ᠰᠡᠯᠪᠢᠨ ᠵᠠᠰᠠᠬᠤ ᠵᠡᠷᠭᠡ ᠭᠤᠣᠯᠳᠠᠯᠭ᠎ᠠ ᠲᠠᠢ  ᠬᠦᠷᠢᠶ᠎ᠡ ᠴᠠᠷᠠᠭᠠᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠨ ᠵᠠᠰᠠᠬᠤ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠵᠠᠮ ᠬᠥᠭᠦᠷᠭᠡ ᠶᠢᠨ ᠠᠶᠤᠯ ᠢ ᠠᠷᠢᠯᠭᠠᠬᠤ ᠪᠠ ᠰᠡᠷᠭᠡᠶᠢᠯᠡᠬᠦ ᠠᠵᠢᠯ ᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂  ᠠᠷᠠᠳ ᠤᠯᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠳᠤᠯᠠᠵᠤ ᠪᠤᠢ᠃  2 ᠰᠠᠷ᠎ᠠ ᠶᠢᠨ 2 ᠤᠨ ᠡᠳᠦᠷ ᠪᠣᠯᠲᠠᠯ᠎ᠠ ᠨᠡᠶᠢᠳᠡ 86 ᠲᠡᠷᠭᠡ᠂ 28 ᠠᠵᠤ ᠠᠬᠤᠶᠢᠯᠠᠯ ᠢ ᠪᠠᠶᠢᠴᠠᠭᠠᠵᠤ᠂ 7 ᠬᠤᠪᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠪᠢᠴᠢᠭ  ᠪᠠᠭᠤᠯᠭᠠᠵᠠᠢ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号