ᠴᠢᠶᠠᠨ ᠶᠢᠨ ᠭᠧᠦ ᠪᠠᠯᠭᠠᠰᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/2/3
    2 ᠰᠠᠷ᠎ᠠ ᠶᠢᠨ 1 ᠤ ᠡᠳᠦᠷ᠂ ᠴᠢᠶᠠᠨ ᠶᠢᠨ ᠭᠧᠦ ᠪᠠᠯᠭᠠᠰᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠸ ᠴᠧᠩ ᠤᠨ ᠪᠥᠬᠦ ᠣᠷᠣᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠭᠤᠷᠪᠠᠨ ᠵᠢᠯ ᠤᠨ  ᠠᠵᠢᠯᠯᠠᠭᠠᠨ ᠤ ᠲᠦᠰᠦᠪ ︵2023 ︱ 2025 ᠣᠨ︶︾ ᠢ ᠤᠯᠠᠮᠵᠢᠯᠠᠨ ᠰᠤᠷᠤᠯᠴᠠᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠰᠦᠨ ᠱᠤᠤ ᠴᠧᠩ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ ᠬᠠᠮᠲᠤᠷᠠᠯᠴᠠᠨ ᠠᠷᠠᠯᠵᠢᠶᠠᠴᠢᠨ ᠤᠷᠢᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠪᠠᠯᠭᠠᠰᠤᠨ ᠤ ᠡᠯ᠎ᠡ ᠲᠦᠷᠦᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠠᠶᠢᠨ ᠰᠠᠶᠢᠬᠠᠨ ᠪᠠᠶᠢᠷᠢᠰᠢᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠦᠢᠯᠡᠴᠢᠯᠡᠭᠡ ᠶᠢ  ᠰᠢᠯᠢᠳᠡᠭᠵᠢᠬᠦᠯᠦᠨ᠂ ᠭᠤᠤᠯ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠥᠷᠯᠥᠭᠡ ᠦᠳᠡᠰᠢ  ᠲᠠᠢ ᠤᠷᠤᠯᠳᠤᠬᠤ ᠡᠷᠴᠢ ᠵᠣᠷᠢᠭ ᠢᠶᠠᠷ ᠭᠤᠣᠯᠳᠠᠯᠭ᠎ᠠ ᠲᠠᠢ ᠲᠦᠷᠦᠯ ᠵᠦᠢᠯ ᠤᠨ ᠡᠷᠲᠡ ᠠᠵᠢᠯ ᠡᠬᠢᠯᠡᠬᠦ᠂ ᠲᠦᠷᠭᠡᠨ ᠪᠠᠶᠢᠭᠤᠯᠤᠭᠳᠠᠬᠤ᠂ ᠡᠷᠲᠡ ᠠᠵᠢᠯ ᠳᠠᠭᠤᠰᠬᠤ᠂ ᠡᠷᠲᠡ ᠦᠷ᠎ᠡ ᠠᠰᠢᠭ ᠬᠦᠷᠳᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠪᠠᠯᠭᠠᠰᠤᠨ ᠤ ᠠᠵᠤ ᠠᠬᠤᠢ ᠶᠢᠨ ᠲᠣᠭᠲᠠᠭᠤᠨ ᠢᠶᠠᠷ ᠤᠷᠤᠭᠰᠢᠯᠠᠵᠤ ᠶᠠᠰᠤ ᠴᠢᠨᠠᠷ  ᠲᠡᠭᠡᠭᠰᠢᠯᠡᠬᠦ ᠳᠤ  ᠡᠨᠧᠷᠭᠢ  ᠬᠦᠴᠦᠨ ᠢ ᠬᠤᠷᠠᠮᠳᠤᠭᠤᠯᠬᠤ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠠᠶᠢᠳᠠᠯ ᠢ ᠲᠣᠳᠣᠷᠬᠠᠢ ᠲᠠᠨᠢᠵᠤ᠂ ᠲᠣᠬᠢᠶᠠᠯ ᠢ ᠪᠠᠳᠤ ᠡᠵᠡᠮᠳᠡᠨ᠂ ᠨᠡᠩ ᠶᠡᠭᠡ ᠡᠷᠴᠢᠮ ᠨᠡᠩ ᠪᠣᠳᠠᠲᠠᠢ ᠠᠵᠢᠯᠯᠠᠭ᠎ᠠ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠨ ᠬᠢᠬᠦ ᠬᠡᠷᠡᠭᠲᠡᠢ ᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号